ᠪᠤᠭᠤᠲᠤ ᠬᠤᠲᠠ ᠶᠢᠨ ᠶᠢᠣ ᠢ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ
ᠨᠡᠶᠢᠲᠡᠯᠡᠭᠰᠡᠨ ᠴᠠᠭ᠄
2022/11/25
   10 ᠰᠠᠷ᠎ᠠ ᠳᠤ ᠥᠪᠥᠷ ᠮᠣᠩᠭᠤᠯ ᠳᠤ ᠭᠡᠨᠡᠳᠲᠡ ᠬᠢᠵᠢᠭ ᠤᠨ ᠪᠠᠶᠢᠳᠠᠯ ᠬᠡᠴᠡᠭᠦᠳᠡᠵᠦ᠂ ᠪᠤᠭᠤᠲᠤ ᠬᠤᠲᠠ ᠶᠢᠨ ᠶᠢᠣ ᠢ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠨᠢ ᠪᠦᠬᠦ ᠬᠤᠲᠠ ᠶᠢᠨ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠭᠤᠣᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ ᠵᠠᠬ᠎ᠠ ᠳᠡᠯᠭᠡᠭᠦᠷ ᠪᠣᠯᠣᠭᠰᠠᠨ ᠤ ᠬᠤᠪᠢ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠦᠴᠦᠲᠡᠶ ᠵᠢᠯᠣᠭᠤᠳᠣᠯᠭ᠎ᠠ ᠳᠡᠮᠵᠢᠯᠭᠡ ᠳᠣᠣᠷ᠎ᠠ᠂ ᠺᠣᠮᠫᠠᠨᠢ ᠶᠢᠨ ᠤᠳᠤᠷᠢᠳᠤᠯᠭ᠎ᠠ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠥᠮᠦᠰ ᠪᠦᠯᠬᠦᠮᠳᠡᠨ ᠨᠢᠭᠡᠳᠴᠦ᠂ ᠬᠦᠴᠦ ᠪᠠᠨ ᠬᠠᠮᠲᠤᠳᠬᠠᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠱᠠᠳᠤ ᠦᠶ᠎ᠡ ᠶᠢᠨ ᠴᠢᠨᠠᠷᠲᠠᠶ ᠢᠯᠠᠯᠲᠠ ᠶᠢ ᠣᠯᠵᠤ᠂ ᠪᠦᠬᠦ ᠬᠤᠳᠠ ᠶᠢᠨ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠬᠠᠩᠭᠠᠯᠭ᠎ᠠ ᠭᠦᠢᠴᠡᠳ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ᠂ ᠬᠠᠩᠭᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠦᠢᠯᠡᠳᠦᠯ ᠢ ᠪᠠᠳᠠᠷᠠᠭᠤᠯᠪᠠ᠃     ᠣᠳᠣᠬᠠᠨ ᠤ ᠬᠢᠵᠢᠭ ᠰᠡᠷᠭᠡᠶᠢᠯᠡᠬᠦ ᠪᠠᠶᠢᠳᠠᠯ ᠳᠣᠣᠷ᠎ᠠ᠂ ᠪᠤᠭᠤᠲᠤ ᠬᠤᠳᠠ ᠶᠢᠨ ᠬᠤᠳᠠᠯᠳᠤᠭᠠᠨ ᠤ ᠶᠠᠪᠤᠳᠠᠯ ᠤᠨᠲᠣᠪᠴᠢᠶ᠎ᠡ ᠵᠢᠴᠢ ᠶᠢᠣ ᠢ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢᠮᠠᠭᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠵᠣᠭᠰᠣᠵᠤ᠂ ᠡᠨᠡ ᠬᠦ ᠵᠠᠩᠭᠢᠯᠠᠭ᠎ᠠ ᠶᠢᠨ ᠴᠠᠭ ᠮᠥᠴᠡ ᠳᠤ᠂ ᠥᠴᠦᠬᠡᠨ ᠬᠦᠴᠦᠨ ᠢᠶᠠᠨ ᠡᠷᠭᠦᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦᠨ ᠨᠡᠮᠡᠷᠢᠯᠡᠵᠦ᠂ ᠬᠥᠬᠡᠬᠤᠲᠠ ᠶᠢᠨ ᠬᠢᠵᠢᠭᠲᠦ ᠣᠷᠣᠨ ᠳᠤ 33 ᠲᠣᠨ ᠴᠠᠭᠠᠨ ᠨᠣᠭᠤᠭ᠎ᠠ ᠬᠠᠨᠳᠢᠪᠯᠠᠪᠠ᠃ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠤᠪᠢ ᠨᠡᠮᠡᠷᠢ ᠦᠵᠡᠭᠦᠯᠵᠦ᠂ ᠭᠦᠢᠴᠡᠳᠬᠡᠪᠡᠰᠦ ᠵᠣᠬᠢᠬᠤ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠪᠡ᠃ 
包头市友谊蔬菜批发市场.png 
   ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠶᠢᠣ ᠢ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠠᠴᠠ ᠬᠥᠬᠡᠬᠤᠲᠠ ᠶᠢᠨ ᠬᠢᠵᠢᠭᠲᠦ ᠣᠷᠣᠨ ᠳᠤ 33 ᠲᠣᠨ ᠴᠠᠭᠠᠨ ᠨᠣᠭᠤᠭ᠎ᠠ ᠬᠠᠨᠳᠢᠪᠯᠠᠪᠠ᠃     ᠬᠢᠵᠢᠭ ᠤᠨ ᠪᠠᠶᠢᠳᠠᠯ  ᠬᠠᠶᠢᠷ᠎ᠠ ᠨᠠᠶᠢᠷ ᠦᠭᠡᠢ ᠪᠣᠯᠪᠠᠴᠦ ᠬᠥᠮᠦᠨ ᠬᠠᠶᠢᠷ᠎ᠠ ᠰᠡᠳᠬᠢᠯᠭᠡ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡᠯ ᠦᠨᠡᠨ ᠰᠡᠳᠬᠢᠯᠭᠡ ᠶᠢ ᠢᠯᠡᠷᠡᠭᠦᠯᠦᠨ᠎ᠡ᠃ ᠬᠢᠵᠢᠭ ᠤᠨ ᠪᠠᠶᠢᠳᠠᠯ ᠡᠷᠲᠡᠬᠡᠨ ᠳᠠᠭᠤᠰᠴᠤ᠂ ᠠᠷᠠᠳ ᠢᠷᠭᠡᠳ ᠤᠨ ᠬᠡᠪ ᠤᠨ ᠠᠮᠢᠳᠤᠷᠠᠯ ᠰᠡᠷᠬᠦᠬᠦ ᠪᠣᠯᠳᠣᠭᠠᠢ᠃ 
 
ᠢᠷᠡᠯᠲᠡ᠄ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号