ᠬᠠᠶᠢᠷ᠎ᠠ ᠬᠠᠯᠠᠮᠵᠢ ᠶᠢᠨ ᠨᠣᠭᠤᠭ᠎ᠠ ᠶᠢ ᠪᠡᠯᠡᠭᠯᠡᠨ ᠬᠦᠷᠭᠡᠵᠦ ᠪᠠᠲᠤᠯᠠᠭ᠎ᠠ ᠲᠠᠢ ᠬᠠᠩᠭᠠᠬᠤ ᠠᠵᠢᠯᠯᠠᠭ᠎ᠠ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/11/26
    11 ᠳ᠋ᠣᠭᠡᠷ ᠰᠠᠷ᠎ᠠ ᠶᠢᠨ 24 ᠤ ᠦᠳᠡ ᠶᠢᠨ ᠡᠮᠦᠨ᠎ᠡ᠂ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠤ ᠬᠥ᠋ ᠴᠧᠩ ᠤᠶᠤᠨᠲᠤ ᠲᠠᠷᠢᠶᠠᠯᠠᠩ ᠤᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠲᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠡᠰᠡᠷᠭᠦᠴᠡᠵᠦ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ 3 ᠲᠣᠮᠣ ᠲᠡᠷᠭᠡ ᠳᠦᠭᠦᠷᠡᠩ ᠲᠡᠭᠡᠭᠡᠭᠰᠡᠨ ᠰᠢᠨ᠎ᠡ ᠰᠣᠷᠭᠤᠭ ᠢᠳᠡᠰᠢᠨ ᠨᠣᠭᠤᠭ᠎ᠠ ᠬᠦᠷᠭᠡᠬᠦ ᠪᠠᠷ ᠪᠡᠯᠡᠳᠬᠡᠵᠦ᠂ ᠬᠤᠲᠠ ᠶᠢᠨ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠤᠨ ᠬᠠᠮᠢᠶᠠᠷᠤᠯᠲᠠ ᠶᠢᠨ ᠬᠠᠷᠢᠭᠤᠴᠠᠯᠭᠠᠲᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠴᠧᠨ ᡁᠢ ᠬᠤᠩ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦᠶ ᠱᠣ᠋ ᠶᠠ ᠪᠣᠯᠤᠨ ᠵᠣᠭᠤᠰ ᠬᠠᠨᠳᠢᠪᠯᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠨᠳᠢᠪᠯᠠᠬᠤ ᠠᠵᠢᠯᠯᠠᠭ᠎ᠠ ᠶᠢᠨ ᠲᠡᠷᠭᠡ ᠶᠠᠪᠤᠭᠤᠯᠬᠤ ᠶᠣᠰᠣᠯᠠᠯ ᠳᠤ ᠣᠷᠣᠯᠴᠠᠪᠠ᠃    ︽ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠤᠶ᠎ᠠ︾᠂ ︽ᠬᠦᠴᠦ ᠪᠠᠨ ᠬᠠᠮᠲᠤᠳᠬᠠᠨ᠂ ᠪᠡᠷᠬᠡ ᠶᠢ ᠬᠠᠮᠲᠤᠪᠠᠷ ᠲᠤᠭᠤᠯᠤᠶ᠎ᠠ︾᠂ ︽ᠰᠡᠳᠬᠢᠯ ᠰᠠᠨᠠᠭ᠎ᠠ ᠪᠠᠨ ᠨᠢᠭᠡᠳᠬᠡᠵᠦ᠂ ᠬᠥᠮᠦᠨ ᠤ ᠶᠢᠷᠲᠢᠨᠴᠦ ᠳᠤ ᠬᠠᠶᠢᠷ᠎ᠠ ᠬᠠᠯᠠᠮᠵᠢ ᠲᠠᠢ︾ ᠭᠡᠬᠦ ᠲᠡᠷᠭᠡᠨ ᠳᠡᠭᠡᠷ᠎ᠡ ᠡᠯᠭᠦᠭᠰᠡᠨ ᠲᠤᠮᠤ ᠤᠯᠠᠭᠠᠨ ᠬᠥᠨᠳᠡᠯᠡᠨ ᠪᠢᠴᠢᠭᠡᠰᠦ  ᠨᠢ ᠪᠠᠶᠠᠨᠨᠠᠭᠤᠷ ᠤᠨ ᠬᠥᠮᠦᠰ ᠤᠨ ᠰᠡᠳᠬᠢᠯ ᠤᠨ ᠳᠠᠭᠤᠨ ᠢ ᠢᠯᠡᠳᠬᠡᠨ᠎ᠡ᠃ ᠬᠥᠬᠡᠬᠤᠲᠠ ᠶᠢᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠠᠴᠠ ᠪᠣᠯᠵᠣ ︽ᠨᠣᠭᠤᠭ᠎ᠠ ᠬᠤᠳᠠᠯᠳᠤᠨ ᠠᠪᠬᠤ ᠳᠤ ᠦᠨᠡᠲᠡᠶ︾ ᠪᠣᠯᠤᠭᠰᠠᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠡᠷᠡ ᠳᠠᠷᠤᠶ ᠳᠤ ᠨᠢ ᠠᠷᠠᠯᠵᠢᠶ᠎ᠠ ᠬᠤᠳᠠᠯᠳᠤᠭᠠᠨ ᠤ ᠬᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠪᠠᠷᠠᠭᠠᠨ ᠤ ᠢᠷᠡᠯᠲᠡ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠰᠢᠨ᠎ᠡ ᠰᠣᠷᠭᠤᠭ ᠢᠳᠡᠰᠢᠨ ᠨᠣᠭᠤᠭ᠎ᠠ ᠬᠤᠳᠠᠯᠳᠤᠨ ᠠᠪᠴᠤ ᠲᠣᠰ ᠤᠳᠠᠭᠠᠨ ᠤ ᠬᠠᠨᠳᠢᠪᠯᠠᠬᠤ ᠠᠵᠢᠯᠯᠠᠭ᠎ᠠ ᠶᠢ ᠪᠡᠯᠡᠳᠬᠡᠪᠡ᠃ ᠲᠤᠬᠠᠶ ᠶᠢᠨ ᠲᠠᠯᠠᠪᠠᠶ ᠶᠢᠨ ᠬᠠᠨᠳᠢᠪᠯᠠᠯ ᠢ ᠪᠦᠬᠦ ᠬᠤᠲᠠ ᠶᠢᠨ ᠠᠩᠬᠠᠳᠠᠭᠴᠢ ᠮᠠᠰᠢᠨ ᠮᠧᠬᠠᠨᠢᠭ ᠦᠢᠯᠡᠳᠬᠦ ᠭᠠᠳᠠᠭᠠᠳᠤ ᠳᠤ ᠭᠠᠷᠭᠠᠬᠤ ᠠᠵᠤ ᠠᠬᠤᠶᠢᠯᠠᠯ  ᠪᠠᠶᠠᠨᠨᠠᠭᠤᠷ ᠬᠤᠲᠠ ᠶᠢᠨ ᠶᠦᠩ ᠮᠢᠩ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠠᠴᠠ 10 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ᠡᠦ ᠬᠥ᠋ ᠴᠧᠩ ᠤᠶᠤᠨᠲᠤ ᠲᠠᠷᠢᠶᠠᠯᠠᠩ ᠤᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ 2 ᠲᠦᠮᠡᠨ ᠲᠥᠭᠦᠷᠢᠭ ᠭᠠᠷᠭᠠᠵᠤ ᠮᠠᠨ ᠤ ᠬᠤᠲᠠ ᠶᠢᠨ ᠴᠢᠨᠠᠷ ᠰᠠᠶᠢᠲᠠᠶ ᠴᠠᠭᠠᠨ ᠨᠣᠭᠤᠭ᠎ᠠ ︵ᠴᠡᠪᠡᠷ ᠨᠣᠭᠤᠭ᠎ᠠ︶᠂ ᠴᠤᠭᠤᠷ ᠨᠣᠭᠤᠭ᠎ᠠ᠂ ᠴᠠᠭᠠᠨ ᠯᠤᠤᠪᠠᠩ ᠵᠡᠷᠭᠡ ᠨᠡᠶᠢᠲᠡ 80 ᠭᠠᠷᠤᠶ ᠲᠣᠨ ᠢᠳᠡᠰᠢᠨ ᠨᠣᠭᠤᠭ᠎ᠠ ᠶᠢ ᠬᠤᠳᠠᠯᠳᠤᠨ ᠠᠪᠴᠤ᠂ ᠲᠣᠰ ᠡᠳᠦᠷ ᠤᠨ ᠲᠤᠭ᠎ᠠ ᠬᠡᠮᠵᠢᠶ᠎ᠡ ᠶᠢ ᠪᠠᠲᠤᠯᠠᠨ ᠬᠥᠬᠡᠬᠤᠲᠠ ᠳᠤ ᠶᠠᠪᠤᠭᠤᠯᠵᠤ᠂ ᠲᠤᠬᠠᠶ ᠶᠢᠨ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠭᠥᠯᠢᠶᠡᠨ ᠠᠪᠤᠭᠰᠠᠨ ᠤ ᠳᠠᠷᠠᠭ᠎ᠠ ᠰᠠᠭᠤᠭᠠᠯᠢ ᠠᠷᠠᠳ ᠤᠨ ᠬᠡᠷ ᠲᠤ ᠬᠤᠪᠢᠶᠠᠷᠢᠯᠠᠵᠠᠶ᠃     ᠳᠠᠷᠠᠭᠠᠴᠢ ᠶᠢᠨ ᠠᠯᠬᠤᠮ ᠳᠤ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠡ ᠦᠷᠭᠦᠯᠵᠢᠯᠡᠨ ᠦ᠋ ᠭᠦ᠋ ᠴᠧᠩ ᠤᠶᠤᠨᠲᠤ ᠲᠠᠷᠢᠶᠠᠯᠠᠩ ᠤᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠵᠡᠷᠭᠡ ᠬᠠᠶᠢᠷ᠎ᠠ ᠬᠠᠯᠠᠮᠵᠢ ᠬᠦᠷᠲᠡᠭᠡᠬᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠥᠬᠡᠬᠤᠲᠠ ᠵᠡᠷᠭᠡ ᠭᠠᠵᠠᠷ ᠲᠤ ᠡᠩ ᠤᠨ ᠦᠨ᠎ᠡ ᠶᠢᠨ ᠨᠣᠭᠤᠭ᠎ᠠ᠂ ᠬᠠᠶᠢᠷ᠎ᠠ ᠬᠠᠯᠠᠮᠵᠢ ᠬᠦᠷᠲᠡᠭᠡᠬᠦ ᠨᠣᠭᠤᠭ᠎ᠠ ᠬᠠᠩᠭᠠᠵᠤ᠂ ᠪᠠᠶᠠᠨᠨᠠᠭᠤᠷᠴᠤᠳ ᠤᠨ ᠬᠦᠴᠦᠨ ᠴᠢᠳᠠᠯ ᠪᠣᠯᠤᠨ ᠬᠠᠶᠢᠷ᠎ᠠ ᠬᠠᠯᠠᠮᠵᠢ ᠶᠢ ᠨᠡᠮᠡᠷᠢᠯᠡᠨ᠎ᠡ᠃ 
 
ᠢᠷᠡᠯᠲᠡ᠄ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号