2022 ᠣᠨ ᠤ 1 — 10 ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2022/11/26
  ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4062.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠭᠤᠷᠠᠪᠠ᠃ ᠶᠡᠷᠦᠩᠬᠡᠶ ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠳᠤ ᠡᠵᠡᠯᠡᠬᠦ ᠬᠤᠪᠢ ᠶᠢᠨ ᠵᠢᠩ ᠨᠢ ᠨᠡᠯᠢᠶᠡᠳ ᠶᠡᠭᠡ ᠪᠠᠶᠢᠵᠤ᠂ ᠡᠵᠡᠯᠡᠬᠦ ᠬᠠᠷᠢᠴᠠᠯ ᠨᠢ ᠲᠣᠰ ᠲᠣᠰ 21.3%᠂ 20.6%᠂ 12.3% ᠪᠣᠯᠤᠨ᠎ᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠲᠦᠩᠯᠢᠶᠣᠤ ᠬᠤᠲᠠ᠂ ᠣᠷᠳᠣᠰ ᠬᠤᠲᠠ᠂ ᠬᠢᠩᠭᠠᠨ ᠠᠶᠢᠮᠠᠭ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 3%᠂ 2.7%᠂ 2.5% ᠨᠡᠮᠡᠭᠳᠡᠪᠡ᠃ ᠪᠤᠭᠤᠲᠤ ᠬᠤᠳᠠ᠂ ᠪᠠᠶᠠᠨᠨᠠᠭᠤᠷ ᠬᠤᠳᠠ᠂ ᠬᠥᠬᠡᠬᠤᠲᠠ᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠲᠤᠰ ᠲᠤᠰ 2.1%᠂ 2%᠂ 1.8%᠂ 1.5%᠂ 1.2% ᠢᠶᠠᠷ ᠪᠠᠭᠤᠷᠠᠪᠠ᠃     ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ 1198.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 10.1 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠄ ᠭᠠᠳᠠᠭᠠᠳᠤ ᠭᠠᠷᠭᠠᠯᠲᠠ 491.1 ᠳ᠋ᠦᠩᠰᠢᠭᠤᠷ ᠲᠥᠭᠦᠷᠢᠭ ᠲᠤ ᠬᠦᠷᠴᠦ᠂ 28.0% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 15.0 ᠵᠠᠭᠤᠨ ᠤ ᠨᠢᠭᠡᠴᠢ ᠠᠴᠠ ᠥᠨᠳᠥᠷ ᠪᠣᠯᠪᠠ︔ ᠭᠠᠳᠠᠭᠠᠳᠤ ᠣᠷᠣᠭᠤᠯᠤᠯᠲᠠ 707.2 ᠳ᠋ᠦᠩᠰᠢᠭᠤᠷ ᠲᠥᠭᠦᠷᠢᠭ ᠲᠤ ᠬᠦᠷᠴᠦ᠂ 14.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 9.1 ᠵᠠᠭᠤᠨ ᠤ ᠨᠢᠭᠡᠴᠢ ᠥᠨᠳᠥᠷ ᠪᠣᠯᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠪᠠᠶᠠᠨᠨᠠᠭᠤᠷ ᠬᠤᠲᠠ᠂ ᠬᠥᠬᠡᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠠᠯᠠᠱᠠ ᠠᠶᠢᠮᠠᠭ ᠤᠨ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠬᠤᠪᠢ ᠨᠡᠮᠡᠷᠢ ᠨᠢ ᠨᠡᠯᠢᠶᠡᠳ ᠶᠡᠭᠡ ᠪᠠᠶᠢᠵᠤ᠂ ᠲᠣᠰ ᠲᠣᠰ 80.3 ᠳ᠋ᠦᠩᠰᠢᠭᠤᠷ ᠲᠥᠭᠦᠷᠢᠭ᠂ 23.7 ᠳ᠋ᠦᠩᠰᠢᠭᠤᠷ ᠲᠥᠭᠦᠷᠢᠭ᠂ 56.5 ᠳ᠋ᠦᠩᠰᠢᠭᠤᠷ ᠲᠥᠭᠦᠷᠢᠭ᠂ 21.1 ᠳ᠋ᠦᠩᠰᠢᠭᠤᠷ ᠲᠥᠭᠦᠷᠢᠭ᠂ 13.2 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠬᠥᠬᠡᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠬᠥᠯᠥᠨ ᠪᠤᠶᠢᠷ ᠬᠤᠲᠠ᠂ ᠠᠯᠠᠱᠠ ᠠᠶᠢᠮᠠᠭ᠂ ᠦᠬᠠᠶ ᠬᠤᠲᠠ᠂ ᠬᠢᠩᠭᠠᠨ ᠠᠶᠢᠮᠠᠭ ᠵᠡᠷᠭᠡ 8 ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ 2 ᠣᠷᠣᠨᠲᠤ ᠲᠤᠭ᠎ᠠ ᠠᠴᠠ ᠳᠡᠭᠡᠭᠰᠢ ᠪᠠᠶᠢᠨ᠎ᠠ᠃ ᠬᠢᠩᠭᠠᠨ ᠠᠶᠢᠮᠠᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠤᠷᠳᠤᠴᠠ 131.3% ᠳᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠵᠤ᠂ ᠣᠷᠳᠣᠰ ᠬᠤᠲᠠ᠂ ᠦᠬᠠᠶ ᠬᠤᠲᠠ ᠲᠣᠰ ᠲᠣᠰ ᠬᠤᠶᠠᠳᠤᠭᠠᠷ᠂ ᠭᠤᠷᠪᠠᠳᠤᠭᠠᠷ ᠲᠤ ᠣᠷᠣᠪᠠ᠃ ᠪᠤᠭᠤᠲᠤ ᠬᠤᠲᠠ ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 3 ᠠᠶᠢᠮᠠᠭ ᠬᠤᠲᠠ ᠲᠣᠰ ᠲᠣᠰ 2.1%᠂ 3.1%᠂ 19.6% ᠪᠠᠷ ᠪᠠᠭᠤᠷᠠᠵᠤ᠂ ᠰᠢᠯᠢ ᠶᠢᠨ ᠭᠤᠤᠯ ᠠᠶᠢᠮᠠᠭ ᠤᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠡᠶᠡᠷᠡᠬᠦ ᠪᠣᠯᠵᠦ᠂ 1 — 9 ᠰᠠᠷ᠎ᠠ ᠳᠤ 3.9% ᠪᠠᠷ ᠪᠠᠭᠤᠷᠠᠵᠤ ᠪᠠᠶᠢᠭᠰᠠᠨ ᠠᠴᠠ ᠪᠠᠨ 5.5% ᠪᠠᠷ ᠨᠡᠮᠡᠭᠳᠡᠪᠡ ᠃     ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ 33.5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 82.8% ᠨᠡᠮᠡᠭᠳᠡᠪᠡ ︵5.2 ᠳ᠋ᠦᠩᠰᠢᠭᠤᠷ ᠳ᠋ᠣᠯᠯᠠᠷ ᠢᠶᠠᠷ ᠨᠤᠭᠤᠯᠵᠤ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 99.1% ᠨᠡᠮᠡᠭᠳᠡᠪᠡ︶︔ ᠪᠥᠬᠦ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ ᠰᠢᠨ᠎ᠡ ᠪᠠᠷ 32 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 3 ᠬᠠᠰᠤᠭᠳᠠᠵᠠᠶ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠬᠥᠬᠡᠬᠤᠲᠠ ᠶᠢᠨ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠬᠤᠪᠢ ᠨᠡᠮᠡᠷᠢ ᠨᠢ ᠨᠢᠭᠡᠳᠦᠭᠡᠷ ᠲᠤ ᠣᠷᠣᠵᠤ᠂ 15.5 ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠥᠬᠡᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ 1.5 ᠳᠠᠬᠢᠨ ᠢᠶᠠᠷ ᠨᠡᠮᠡᠭᠳᠡᠵᠡᠶ᠃ ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠦᠬᠠᠢ ᠬᠤᠳᠠ᠂ ᠠᠯᠠᠱᠠ ᠠᠶᠢᠮᠠᠭ᠂ ᠮᠠᠨᠵᠤᠤᠷ ᠬᠤᠳᠠ᠂ ᠡᠷᠢᠶᠡᠨ ᠬᠤᠳᠠ ᠶᠢᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠨᠢ ᠲᠡᠭ ᠪᠣᠯᠤᠨ᠎ᠠ᠃ ᠪᠤᠭᠤᠲᠤ ᠬᠤᠲᠠ᠂ ᠬᠥᠯᠥᠨ ᠪᠤᠶᠢᠷ ᠬᠤᠲᠠ᠂ ᠠᠯᠠᠱᠠ ᠠᠶᠢᠮᠠᠭ ᠠᠳᠠᠯᠢ ᠬᠤᠭᠤᠴᠠᠭᠠᠨ ᠤ ᠬᠢ ᠠᠴᠠ 100% ᠪᠠᠷ ᠪᠠᠭᠤᠷᠠᠪᠠ᠃     ᠪᠥᠬᠦ ᠣᠷᠣᠨ ᠳᠤ ᠭᠠᠳᠠᠭᠠᠳᠤ ᠳᠤ ᠪᠠᠯᠠ ᠣᠷᠣᠭᠤᠯᠬᠤ ᠲᠥᠷᠥᠯ ᠵᠦᠢᠯ 16 ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 26 ᠬᠠᠰᠤᠭᠳᠠᠪᠠ᠃ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ 18.94 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3 ᠳᠠᠬᠢᠨ ᠨᠡᠮᠡᠭᠳᠡᠵᠡᠶ᠃ 1 — 10 ᠰᠠᠷ᠎ᠠ ᠳᠤ᠂ ᠭᠠᠳᠠᠭᠠᠳᠤ ᠳᠤ ᠵᠣᠷᠢᠭᠤᠯᠤᠭᠰᠠᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 8.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92.6% ᠪᠠᠷ ᠨᠡᠮᠡᠭᠳᠡᠨ᠂ ᠪᠥᠬᠦ ᠤᠯᠤᠰ ᠤᠨ 19 ᠳ᠋ᠣᠭᠡᠷ ᠪᠠᠶᠢᠷᠢᠨ ᠳᠤ ᠣᠷᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠳ᠋ᠤᠭᠠᠷ ᠪᠠᠶᠢᠷᠢᠨ ᠳᠤ ᠣᠷᠣᠵᠠᠶ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠤᠯᠠᠭᠠᠨᠬᠠᠳᠠ ᠬᠤᠲᠠ ᠶᠢᠨ ᠪᠥᠬᠦ ᠣᠷᠣᠨ ᠳᠠᠬᠢ ᠭᠠᠳᠠᠭᠠᠳᠤ ᠳᠠᠬᠢ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢᠨ ᠨᠡᠮᠡᠭᠳᠡᠯ ᠤᠨ ᠬᠡᠮᠵᠢᠶ᠎ᠡ ᠡᠮᠦᠨ᠎ᠡ ᠡᠩᠨᠡᠭᠡᠨ ᠳᠤ ᠣᠷᠣᠵᠤ᠂ ᠲᠣᠰ ᠲᠣᠰ 13.1᠂ 3.6 ᠳ᠋ᠦᠩᠰᠢᠭᠤᠷ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠥᠬᠡᠬᠤᠲᠠ᠂ ᠤᠯᠠᠭᠠᠨᠬᠠᠳᠠ ᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 16.6 ᠳᠠᠬᠢᠨ᠂ 3.3 ᠳᠠᠬᠢᠨ ᠨᠡᠮᠡᠭᠳᠡᠵᠡᠶ᠃ ᠪᠤᠰᠤᠳ ᠠᠶᠢᠮᠠᠭ ᠬᠤᠲᠠ ᠨᠤᠭᠤᠳ ᠴᠥᠮ ᠰᠥᠭᠡᠷᠭᠦ ᠨᠡᠮᠡᠭᠳᠡᠯ ᠲᠠᠢ ᠪᠠᠶᠢᠨ᠎ᠠ᠃     ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 4474.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3928.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 545.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.4% ᠪᠠᠷ ᠪᠠᠭᠤᠷᠠᠪᠠ᠃ 10 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 661.3 ᠲᠦᠮᠡᠨ ᠲᠣᠨ ᠳᠤ ᠬᠦᠷᠴᠦ᠂ ᠲᠦᠷᠦᠭᠦᠤ ᠰᠠᠷ᠎ᠠ ᠶᠢᠨ ᠬᠢ ᠠᠴᠠ ᠪᠠᠨ 0.4% ᠨᠡᠮᠡᠭᠳᠡᠪᠡ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ᠂ ᠴᠡᠭᠡ ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠳᠡᠭᠡᠭᠰᠢᠯᠡᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠨᠡᠯᠢᠶᠡᠳ ᠶᠡᠭᠡ ᠪᠠᠶᠢᠵᠤ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠠᠶ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 22.6%᠂ 22.0%᠂ 10.9% ᠪᠠᠷ ᠨᠡᠮᠡᠭᠳᠡᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 6010 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.2% ᠨᠡᠮᠡᠭᠳᠡᠪᠡ᠂ ᠡᠭᠦᠨ ᠳᠤ ᠮᠠᠨᠵᠤᠤᠷ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 3968 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 41.0% ᠨᠡᠮᠡᠭᠳᠡᠪᠡ︔ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2042 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠤᠷᠠᠪᠠ᠃ 
 
ᠢᠷᠡᠯᠲᠡ᠄ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号