11 ᠰᠠᠷ᠎ᠠ ᠶᠢᠨ 1 ᠤ ᠦᠳᠡ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠵᠢᠤᠸᠠᠨ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠡᠷᠡ ᠳᠠᠷᠤᠶ ᠳᠤ ᠨᠢ ᠳ᠋ᠢᠩ ᠰᠢᠤ ᠹᠧᠩ ᠱᠦᠵᠢ ᠶᠢᠨ | ᠪᠦᠬᠦ ᠬᠤᠲᠠ ᠶᠢᠨ ︽ᠪᠤᠭᠤᠲᠤ ᠪᠠᠨ ᠬᠠᠶᠢᠷᠠᠯᠠᠵᠦ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ | ᠪᠣᠯᠤᠨ ᠬᠤᠳᠠ ᠶᠢᠨ ᠨᠠᠮ ᠤᠨ ᠬᠤᠷᠢᠶ᠎ᠡ ᠶᠢᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ ︿ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ﹀ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠠᠯᠪᠠᠨ ᠲᠢᠩᠬᠢᠮ ᠤᠨ ᠪᠦᠬᠦ ᠣᠷᠣᠨ ᠤ ᠨᠠᠮ ᠤᠨ ᠬᠤᠷᠢᠶ᠎ᠡ ᠶᠢᠨ ᠠᠯᠪᠠᠨ | ᠠᠵᠢᠯ ᠤᠨ ᠰᠢᠰᠲ᠋ᠧᠮ ᠳᠤ ︽ᠰᠢᠢᠳᠪᠦᠷᠢᠯᠡᠬᠦ ᠰᠡᠳᠬᠢᠬᠦᠢ︾ ᠠᠵᠢᠯ ᠤᠨ ᠠᠷᠭ᠎ᠠ ᠶᠢ ᠬᠡᠷᠡᠭᠵᠢᠭᠦᠯᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠣᠪᠴᠢᠶ᠎ᠡ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠡᠰᠢᠭᠦᠨ ᠬᠤᠷᠠᠯ ᠳᠤ ᠣᠷᠣᠯᠴᠠᠵᠤ᠂ ᠪᠤᠰᠤᠳ ᠰᠢᠶᠠᠨ ᠤ | ᠱᠠᠲᠤᠨ ᠤ ᠤᠳᠤᠷᠢᠳᠤᠯᠭ᠎ᠠ ᠪᠣᠯᠤᠨ ᠡᠯ᠎ᠡ ᠰᠠᠯᠠᠭ᠎ᠠ ᠲᠠᠰᠤᠭ᠂ ᠬᠤᠶᠠᠳᠤᠭᠠᠷ ᠳᠡᠰ ᠤᠨ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠤᠨ ᠶᠡᠷᠥᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠡ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ | ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ ᠦᠢᠯᠡᠰ ᠪᠤᠰᠬᠠᠬᠤ ᠶᠢ ᠵᠣᠷᠢᠭᠵᠢᠭᠤᠯᠵᠤ᠂ | ᠪᠤᠭᠤᠲᠤ ᠶᠢᠨ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠪᠦᠬᠦ ᠲᠠᠯ᠎ᠠ ᠪᠠᠷ ᠢᠶᠠᠨ ᠭᠦᠨᠵᠡᠭᠡᠶ ᠲᠠᠨᠢᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ | ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠠᠵᠢᠯᠯᠠᠭ᠎ᠠ ᠶᠢᠨ ᠡᠯ᠎ᠡ ᠵᠦᠢᠯ ᠤᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠶᠢᠨ ᠤᠳᠤᠷᠢᠳᠬᠤ ᠺᠠᠳ᠋ᠷ ᠠᠵᠢᠯᠲᠠᠨ ᠠᠵᠢᠯᠴᠢᠨ | ᠪᠤᠭᠤᠲᠤ ᠶᠢᠨ ᠬᠥᠮᠦᠨ ᠪᠣᠯᠤᠭᠰᠠᠨ ᠤ ᠬᠤᠪᠢ ᠳᠤ᠂ ᠪᠤᠭᠤᠲᠤ ᠪᠣᠯ ᠮᠠᠨ ᠤ ᠭᠡᠷ ᠮᠥᠨ ᠭᠡᠬᠦ ᠢᠷᠠᠭᠤ ᠠᠯᠳᠠᠷᠲᠤ | ᠰᠡᠳᠬᠢᠯᠭᠡ ᠪᠠᠷ ᠪᠤᠭᠤᠲᠤ ᠶᠢ ᠪᠠᠶᠢᠭᠤᠯᠬᠤ᠂ ᠪᠤᠭᠤᠲᠤ ᠳᠤ ᠬᠦᠴᠦ ᠪᠠᠨ ᠡᠷᠭᠦᠬᠦ ᠬᠠᠷᠢᠭᠤᠴᠠᠯᠭᠠᠲᠤ ᠰᠡᠳᠬᠢᠯᠭᠡ ᠲᠠᠢ | ᠪᠠᠶᠢᠵᠤ᠂ ᠶᠡᠷᠥᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ | ᠶᠢᠨ ᠲᠣᠭᠤᠷᠢᠨ ᠳᠤ᠂ ︽ᠬᠤᠳᠠᠯᠳᠤᠭᠠᠨ ᠤ ᠶᠠᠪᠤᠳᠠᠯ ᠠᠷᠠᠳ ᠤᠨ ᠲᠥᠯᠥᠭᠡ︾ ᠢ ᠪᠠᠷᠢᠮᠲᠠᠯᠠᠨ᠂ ᠬᠤᠳᠠᠯᠳᠤᠭᠠᠨ ᠤ | ᠶᠠᠪᠤᠳᠠᠯ ᠤᠨ ᠠᠵᠢᠯ ᠤᠨ ︽ᠭᠤᠷᠪᠠᠨ ᠴᠢᠬᠤᠯᠠ︾ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠨ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠤᠨ ᠬᠠᠯᠠᠭᠤᠨ | ᠰᠡᠳᠬᠢᠯᠭᠡ ᠪᠠᠨ ᠬᠥᠭᠵᠢᠭᠡᠨ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠪᠤᠭᠤᠲᠤ ᠶᠢᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠰᠦᠷ ᠵᠢᠪᠬᠤᠭ᠎ᠠ ᠪᠠᠨ ᠳᠠᠬᠢᠨ ᠮᠠᠨᠳᠤᠭᠤᠯᠬᠤ ᠳᠤ ᠢᠳᠡᠪᠬᠢᠲᠡᠶ ᠬᠤᠪᠢ | ᠨᠡᠮᠡᠷᠢ ᠦᠵᠡᠭᠦᠯᠬᠦ ᠬᠡᠷᠡᠭᠲᠡᠶ ᠭᠡᠪᠡ᠃ | ᠬᠤᠷᠠᠯ ᠠᠴᠠ᠂ ᠬᠤᠳᠠ ᠶᠢᠨ ᠨᠠᠮ ᠤᠨ ᠬᠤᠷᠢᠶᠠᠨ ᠤ ᠶᠡᠷᠦᠩᠬᠡᠢ ᠪᠠᠶᠢᠷᠢᠯᠠᠭᠤᠯᠤᠯᠲᠠ ᠶᠢᠨ ᠶᠣᠰᠣᠭᠠᠷ ᠠᠵᠢᠯ ᠤᠨ | ᠤᠳᠤᠷᠢᠳᠬᠤ ᠳᠤᠭᠤᠶᠢᠯᠠᠩ ᠢ ᠱᠠᠯᠠᠪᠳᠠᠨ ᠪᠠᠶᠢᠭᠤᠯᠵᠤ᠂ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ | ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠢ ᠪᠡᠯᠡᠳᠬᠡᠨ ᠬᠤᠷᠠᠯᠳᠤᠭᠤᠯᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠥᠬᠦ ᠠᠵᠢᠯᠲᠠᠨ ᠢ ᠣᠷᠣᠯᠴᠠᠭᠤᠯᠤᠨ᠂ ᠨᠢᠭᠡᠳᠦᠯᠲᠡᠶ | ᠲᠥᠯᠥᠪᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠥᠬᠦ ᠲᠠᠯ᠎ᠠ ᠶᠢᠨ ︽ᠪᠤᠭᠤᠲᠤ ᠪᠠᠨ ᠬᠠᠶᠢᠷᠠᠯᠠᠵᠤ᠂ ᠬᠤᠪᠢ | ᠨᠡᠮᠡᠷᠢ ᠦᠵᠡᠭᠦᠯᠬᠦ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠳᠲᠡᠷ ᠲᠦᠷᠭᠡᠨ ᠵᠣᠬᠢᠶᠠᠨ | ᠪᠠᠶᠢᠭᠤᠯᠤᠨ ᠥᠷᠨᠢᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠨᠠᠷᠢᠯᠢᠭ ᠪᠥᠭᠡᠳ ᠪᠣᠳᠠᠲᠠᠶ ᠪᠠᠷ ᠬᠢᠵᠦ᠂ | ᠠᠵᠢᠯᠯᠠᠭ᠎ᠠ ᠶᠢᠨ ᠰᠠᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠬᠦᠴᠦᠨ ᠢᠶᠠᠨ ᠥᠷᠭᠡᠨ ᠢᠶᠠᠷ | ᠨᠢᠭᠲᠠᠷᠠᠭᠤᠯᠤᠨ᠂ ᠪᠤᠭᠤᠲᠤ ᠶᠢᠨ ᠲᠡᠤᠬᠡ ᠶᠢᠨ ᠬᠠᠮᠤᠭ ᠤᠨ ᠰᠠᠶᠢᠨ ᠬᠢᠷᠢ ᠲᠦᠪᠰᠢᠨ ᠳᠤ ᠪᠤᠴᠠᠬᠤ ᠶᠢ ᠠᠬᠢᠭᠤᠯᠬᠤ | ᠬᠡᠷᠡᠭᠲᠡᠶ ᠭᠡᠰᠡᠨ ᠪᠠᠶᠢᠨ᠎ᠡ᠃ | |