11 ᠳ᠋ᠣᠭᠡᠷ ᠰᠠᠷ᠎ᠠ ᠶᠢᠨ 1 ᠤ ᠡᠳᠦᠷ᠂ ᠲᠦᠩᠯᠢᠶᠣᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠰᠢᠶᠤᠤ ᠹᠧᠩ ᠬᠠᠮᠢᠶ᠎ᠠ ᠪᠥᠬᠦᠶ ᠰᠠᠯᠠᠭ᠎ᠠ | ᠲᠠᠰᠤᠭ ᠤᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠠᠵᠢᠯᠲᠠᠳ ᠢ ᠳᠠᠭᠠᠭᠤᠯᠤᠨ ᠬᠤᠷᠴᠢᠨ ᠲᠣᠭᠤᠷᠢᠭ᠂ | ᠨᠡᠭᠡᠭᠡᠯᠲᠡ ᠶᠢᠨ ᠲᠣᠭᠤᠷᠢᠭ ᠲᠤ ᠬᠦᠷᠴᠦ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠵᠤ ᠠᠬᠤᠶᠢᠯᠠᠯ ᠤᠨ | ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠷᠴᠢᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ᠂ ᠲᠦᠩᠯᠢᠶᠣᠤ ᠬᠤᠲᠠ ᠶᠢᠨ ᠰᠢᠦᠳᠠᠨ ᠤ ᠬᠠᠮᠢᠶᠠᠷᠤᠯᠲᠠ ᠶᠢᠨ ᠺᠣᠮᠫᠠᠨᠢ᠂ | ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠶᠠᠩ ᠶᠤᠸᠠᠨ | ᠲᠡᠮᠦᠷᠯᠢᠭ ᠢ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ᠂ ᠶᠦᠨ ᠳ᠋ᠡ ᠲᠠᠷᠢᠶᠠᠯᠠᠩ ᠤᠨ ᠪᠦᠲᠦᠭᠡᠭᠳᠡᠬᠦᠨ ᠤ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠲᠦᠩ ᠳ᠋ᠡ ᠦᠨ᠎ᠡ ᠬᠠᠶᠠᠵᠤ ᠬᠤᠳᠠᠯᠳᠤᠬᠤ ᠺᠣᠮᠫᠠᠨᠢ ᠳᠤ ᠬᠦᠷᠴᠦ | ᠪᠠᠶᠢᠴᠠᠭᠠᠨ ᠰᠤᠳᠤᠯᠤᠯᠲᠠ ᠬᠢᠪᠡ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ | ᠣᠶᠢᠯᠠᠭᠠᠪᠠ᠃ | | | ᠪᠠᠶᠢᠴᠠᠭᠠᠨ ᠰᠤᠳᠤᠯᠬᠤ ᠶᠠᠪᠤᠴᠠ ᠳᠤ᠂ ᠬᠠᠨ ᠱᠦᠵᠢ ᠡᠯᠧᠺᠲᠷᠣᠨ ᠬᠤᠳᠠᠯᠳᠤᠭᠠᠨ ᠤ ᠬᠥᠭᠵᠢᠯᠲᠡ᠂ ᠡᠭᠦᠯᠡᠨ | ᠬᠥᠮᠥᠷᠭᠡ ᠶᠢᠨ ᠲᠥᠷᠥᠯ ᠵᠦᠢᠯ᠂ ᠪᠣᠯᠪᠠᠰᠤᠷᠠᠭᠤᠯᠤᠭᠰᠠᠨ ᠲᠣᠰᠣᠨ ᠤ ᠵᠢᠵᠢᠭᠯᠡᠨ ᠬᠤᠳᠠᠯᠳᠤᠭᠰᠠᠨ ᠪᠠᠶᠢᠳᠠᠯ᠂ ᠵᠠᠬ᠎ᠠ | ᠳᠡᠯᠭᠡᠭᠦᠷ ᠤᠨ ᠲᠣᠭᠠᠴᠢᠯᠠᠯᠲᠠ ᠶᠢᠨ ᠲᠠᠰ ᠳᠠᠪᠰᠢᠯᠲᠠ ᠵᠢᠴᠢ ᠡᠵᠡᠩᠨᠡᠯᠲᠡ᠂ ᠦᠨ᠎ᠡ ᠬᠠᠶᠠᠵᠤ ᠬᠤᠳᠠᠯᠳᠤᠬᠤ ᠠᠵᠤ | ᠠᠬᠤᠶᠢᠯᠠᠯ ᠤᠨ ᠬᠥᠭᠵᠢᠯᠲᠡ᠂ ᠣᠷᠣᠰᠢᠵᠤ ᠪᠠᠶᠢᠭ᠎ᠠ ᠠᠰᠠᠭᠤᠳᠠᠯ ᠪᠠ ᠢᠷᠡᠭᠡᠳᠦᠶ ᠶᠢᠨ ᠲᠥᠯᠥᠪᠵᠢᠭᠦᠯᠭᠡ ᠶᠢᠨ ᠲᠤᠬᠠᠶ | ᠨᠠᠷᠢᠨ ᠣᠶᠢᠯᠠᠭᠠᠪᠠ᠂ ᠬᠠᠨ ᠱᠦᠵᠢ ᠢᠯᠡᠷᠬᠡᠶᠢᠯᠡᠬᠦ ᠳᠤ ᠪᠠᠨ᠂ ᠬᠤᠯᠪᠣᠭᠳᠠᠯ ᠪᠥᠬᠦᠶ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠬᠢᠭᠡᠳ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠯᠡᠭᠡᠨ ᠤ ᠬᠦᠴᠦᠨ ᠤ ᠤᠳᠤᠷᠢᠳᠤᠮᠵᠢ ᠳᠣᠤᠷ᠎ᠠ᠂ ᠵᠠᠬ᠎ᠠ | ᠳᠡᠯᠭᠡᠭᠦᠷ ᠤᠯᠠᠮ ᠨᠢᠭᠡ ᠠᠯᠬᠤᠮ ᠰᠠᠶᠢᠵᠢᠷᠠᠬᠤ ᠪᠤᠶᠤ ᠴᠢᠨᠠᠭᠰᠢᠯᠠᠪᠠᠯ ᠵᠢᠱᠢᠯᠲᠡ ᠠᠴᠠ ᠳᠠᠪᠠᠭ᠋ᠤ ᠪᠣᠯᠤᠨ᠎ᠠ ᠭᠡᠵᠡᠶ᠃ | ᠬᠠᠨ ᠱᠦᠵᠢ ᠵᠢᠭᠠᠵᠤ ᠭᠠᠷᠭᠠᠭᠰᠠᠨ ᠨᠢ᠂ ᠬᠤᠲᠠ ᠰᠢᠶᠠᠨ ᠬᠤᠶᠠᠷ ᠱᠠᠲᠤᠨ ᠤ ᠬᠤᠳᠠᠯᠳᠤᠭᠠᠨ ᠤ ᠶᠠᠪᠤᠳᠠᠯ ᠤᠨ | ᠰᠢᠰᠲ᠋ᠧᠮ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠪᠤᠰᠤᠳ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ | ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠴᠠᠭ ᠲᠤᠬᠠᠶ ᠳᠤ ᠨᠢ ᠣᠶᠢᠯᠠᠭᠠᠵᠤ᠂ ᠬᠠᠭᠤᠴᠢᠨ ᠲᠦᠪᠡᠭᠲᠡᠶ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠳᠠᠷᠠᠭᠠᠴᠢ ᠶᠢᠨ ᠠᠯᠬᠤᠮ ᠤᠨ ᠬᠤᠳᠠᠯᠳᠤᠭᠠᠨ ᠤ ᠶᠠᠪᠤᠳᠠᠯ ᠤᠨ | ᠠᠵᠢᠯ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠬᠦᠳᠦᠯᠦᠨ ᠵᠢᠯᠣᠭᠤᠳᠴᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | |