ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷᠢᠰ ᠠᠵᠢᠯᠯᠠᠭ᠎ᠠ ᠲᠣᠮᠳᠠᠳᠣ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2022/11/6
   ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ 2022 ᠣᠨ ᠤ 11 ᠰᠠᠷ᠎ᠠ ᠶᠢᠨ 4 ᠤ ᠡᠳᠦᠷ ᠤᠯᠤᠰ ᠤᠨ ᠬᠤᠷᠠᠯ ᠦᠵᠡᠰᠬᠦᠯᠡᠩ ᠤᠨ ᠲᠥᠪ ︵ᠱᠠᠩᠬᠠᠢ︶ ᠲᠤ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠠᠬᠢᠭᠤᠯᠵᠤ᠂ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠭᠡᠬᠦ ᠡᠨᠡ ᠬᠦ ᠤᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠭᠦᠢᠴᠡᠳ ᠠᠰᠢᠭᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠳᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠪᠣᠯᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢᠨ ᠦᠵᠡᠭᠦᠯᠦᠯᠭᠡ ᠶᠢ ᠡᠷᠬᠢᠯᠡᠵᠦ᠂ ᠥᠪᠥᠷ ᠮᠣᠩᠭᠤᠯ ᠤᠨ ᠨᠡᠭᠡᠭᠡᠯᠳᠡ ᠶᠢᠨ ᠰᠢᠨ᠎ᠡ ᠳᠠᠪᠠᠭᠤᠯᠢᠭ ᠢ ᠪᠦᠬᠦ ᠲᠠᠯ᠎ᠠ ᠪᠠᠷ ᠤᠬᠠᠭᠤᠯᠤᠨ ᠳᠡᠯᠭᠡᠨ ᠦᠵᠡᠭᠦᠯᠵᠦ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠰᠠᠨ ᠬᠤᠳᠠᠯᠳᠤᠭᠠᠴᠢᠨ ᠪᠣᠯᠤᠨ ᠦᠵᠡᠭᠴᠢᠳ ᠲᠤ ᠥᠪᠥᠷ ᠮᠣᠩᠭᠤᠯ ᠢ ᠣᠶᠢᠯᠠᠭᠠᠭᠤᠯᠵᠤ᠂ ᠥᠪᠥᠷ ᠮᠣᠩᠭᠤᠯ ᠢ ᠲᠠᠨᠢᠭᠤᠯᠣᠨ᠂ ᠦᠪᠦᠷ ᠮᠣᠩᠭᠤᠯ ᠳᠤ ᠬᠠᠶᠢᠷ᠎ᠠ ᠪᠠᠭ᠋ᠠᠳᠠᠢ ᠪᠣᠯᠭᠠᠭᠰᠠᠨ ᠪᠠᠶᠢᠨ᠎ᠡ᠃ 
内蒙古自治区系列活动精彩亮相进博会1.png 
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠭᠠᠳᠠᠭᠠᠳᠤ ᠨᠡᠬᠡᠬᠡᠯᠳᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠳᠤ ᠣᠷᠣᠯᠴᠠᠪᠠ᠃   ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ︽ᠳᠤᠮᠳᠠᠳᠤ ᠤᠯᠤᠰ ᠤᠨ ᠡᠨᠡ ᠠᠷᠪᠠᠨ ᠵᠢᠯ — ᠭᠠᠳᠠᠭᠠᠳᠤ ᠨᠡᠭᠡᠭᠡᠯᠲᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ︾ ᠶᠢ ᠰᠢᠨ᠎ᠡ ᠪᠠᠷ ᠪᠠᠶᠢᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠢᠮᠠᠭᠲᠠ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠭᠠᠳᠠᠭᠠᠳᠤ ᠨᠡᠭᠡᠭᠡᠯᠲᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠳᠤ ︽ᠬᠡᠷᠡᠯ ᠰᠠᠴᠤᠷᠠᠩᠭᠤᠶ ᠠᠮᠵᠢᠯᠲᠠ ᠣᠯᠤᠭᠰᠠᠨ ᠥᠪᠥᠷ ᠮᠣᠩᠭᠤᠯ︾ ︽ᠭᠠᠳᠠᠭᠠᠳᠤ ᠨᠡᠭᠡᠭᠡᠯᠲᠡ ᠶᠢᠨ ᠥᠪᠥᠷ ᠮᠣᠩᠭᠤᠯ︾ ︽ᠠᠵᠤ ᠦᠢᠯᠡᠰ ᠤᠨ ᠬᠥᠭᠵᠢᠯᠲᠡ ᠶᠢᠨ ᠥᠪᠥᠷ ᠮᠣᠩᠭᠤᠯ︾ ︽ᠪᠠᠯᠠ ᠣᠷᠣᠭᠤᠯᠤᠯᠲᠠ ᠶᠢᠨ ᠬᠠᠯᠠᠭᠤᠨ ᠬᠥᠷᠥᠰᠥᠲᠦ ᠥᠪᠥᠷ ᠮᠣᠩᠭᠤᠯ︾ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢᠨ ᠣᠨᠴᠠᠯᠢᠭ ᠪᠠ ᠠᠮᠵᠢᠯᠲᠠ ᠪᠦᠲᠦᠮᠵᠢ ᠶᠢ ᠭᠦᠢᠴᠡᠳ ᠢᠯᠡᠷᠡᠭᠦᠯᠵᠦ᠂ ᠥᠪᠥᠷ ᠮᠣᠩᠭᠤᠯ ᠤᠨ ᠨᠡᠭᠡᠭᠡᠯᠲᠡ ᠬᠢᠭᠰᠡᠨ ᠥᠯᠢᠭᠡᠷ ᠢ ᠰᠠᠶᠢᠲᠤᠷ ᠰᠠᠶᠢᠬᠠᠨ ᠶᠠᠷᠢᠭᠰᠠᠨ ᠪᠠᠶᠢᠨ᠎ᠡ᠃ 
内蒙古自治区系列活动精彩亮相进博会2.png 
    ᠲᠠᠯ᠎ᠠ ᠨᠤᠲᠤᠭ᠂ ᠣᠶ ᠰᠢᠭᠤᠶ᠂ ᠨᠠᠭᠤᠷ ᠴᠥᠭᠦᠷᠥᠮ ᠤᠨ ᠦᠵᠡᠰᠬᠦᠯᠡᠩᠲᠦ ᠰᠠᠶᠢᠬᠠᠨ ᠵᠢᠷᠤᠭ ᠳᠦᠷᠰᠦ᠂ ᠴᠠᠭ ᠢᠮᠠᠭᠳᠠ ᠪᠠᠳᠠᠷᠠᠨ ᠳᠡᠯᠭᠡᠷᠡᠬᠦ ᠭᠠᠯᠰᠠᠩ ᠴᠡᠴᠡᠭ᠂ ᠥᠪᠡᠷᠮᠢᠴᠡ ᠣᠨᠴᠠᠯᠢᠭ ᠪᠥᠬᠦᠶ ᠳᠠᠭᠤᠤ ᠪᠥᠵᠢᠭ ᠤᠨ ᠲᠣᠭᠯᠠᠯᠲᠠ ᠨᠢ ᠦᠵᠡᠭᠴᠢᠳ ᠢ ᠲᠤᠬᠠᠶ ᠶᠢᠨ ᠣᠷᠴᠢᠨ ᠠᠬᠤᠢ ᠳᠤ ᠣᠴᠢᠭᠤᠯᠵᠤ᠂ ᠲᠣᠰ ᠲᠣᠭᠤᠷᠢᠭ ᠤᠨ ᠢᠶᠠᠨ ᠬᠢᠯᠠᠰ ᠴᠡᠭ ᠪᠣᠯᠭᠠᠭᠰᠠᠨ ᠪᠠᠶᠢᠨ᠎ᠠ᠃ { ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 1 ᠤ ᠡᠳᠦᠷ ᠤᠨ ᠰᠣᠨᠢᠨ ᠤ ᠪᠡᠭᠡᠵᠢᠩ ᠤᠨ 1 ᠰᠠᠷ᠎ᠠ ᠶᠢᠨ 1 ᠤ ᠡᠳᠦᠷ ᠤᠨ ᠰᠣᠨᠢᠨ }   ︽ᠳᠠᠯᠠᠢ ᠶᠢᠨ ᠦᠵᠦᠭᠦᠷ ᠬᠢᠵᠠᠭᠠᠷ ᠪᠣᠯ ᠲᠠᠯ᠎ᠠ ᠨᠤᠲᠤᠭ︾ ᠭᠡᠬᠦ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢᠨ ᠦᠵᠡᠰᠬᠦᠯᠡᠩ ᠢ ᠭᠤᠶᠢᠳᠠ ᠰᠠᠶᠢᠬᠠᠨ ᠳᠡᠯᠭᠡᠨ ᠦᠵᠡᠭᠦᠯᠪᠡ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠣᠶᠣᠯ ᠵᠤᠭᠠᠴᠠᠯ ᠤᠨ ᠲᠢᠩᠬᠢᠮ ᠠᠴᠠ ᠬᠠᠮᠲᠤᠷᠠᠨ ᠡᠷᠭᠢᠯᠡᠭᠰᠡᠨ ︽ᠥᠪᠥᠷ ᠮᠣᠩᠭᠤᠯ ᠤᠨ ᠦᠨᠦᠷ ᠠᠮᠲᠠ︾ ᠶᠢᠨ ᠰᠢᠷᠢᠰ ᠠᠵᠢᠯᠯᠠᠭ᠎ᠠ ᠶᠢᠨ ᠬᠥᠭᠵᠢᠯᠲᠡ ᠶᠢᠨ ᠦᠵᠡᠰᠬᠦᠯᠡᠩ ᠤᠨ ᠴᠤᠭᠯᠠᠭᠠᠨ ᠰᠣᠶᠣᠯ ᠢᠷᠭᠡᠨᠰᠢᠯ ᠤᠨ ᠰᠣᠯᠢᠯᠴᠠᠭ᠎ᠠ ᠦᠵᠡᠭᠦᠯᠦᠯᠭᠡ᠂ ︽ᠲᠡᠯᠡᠶ ᠶᠢᠨ ᠦᠵᠦᠭᠦᠷ ᠬᠢᠵᠠᠭᠠᠷ ᠪᠣᠯ ᠲᠠᠯ᠎ᠠ ᠨᠣᠳᠤᠭ︾   ᠢᠶᠠᠷ ᠭᠤᠤᠯ ᠰᠡᠳᠦᠪ ᠪᠣᠯᠭᠠᠵᠤ᠂ ᠵᠢᠷᠤᠭ ᠥᠰᠥᠭ ᠤᠨ ᠦᠵᠡᠭᠦᠯᠦᠯᠭᠡ ᠶᠢᠨ ᠰᠠᠮᠪᠠᠷ᠎ᠠ᠂ ᠲᠦᠷᠰᠦᠳᠦ ᠸᠢᠳᠢᠣ᠋᠂ ᠪᠣᠳᠠᠲᠤ ᠪᠣᠳᠠᠰ ᠤᠨ ᠦᠵᠡᠭᠦᠯᠦᠯᠭᠡ᠂ ᠣᠯᠠᠨ ᠵᠠᠭᠤᠴᠢᠳᠤ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠡᠯᠪᠡᠭ ᠪᠠᠶᠠᠯᠢᠭ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠠᠮᠲᠠᠲᠤ ᠢᠳᠡᠭᠡᠨ ᠪᠠ ᠣᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠮᠢᠳᠤᠯᠢᠭ ᠢᠶᠠᠷ ᠳᠡᠯᠭᠡᠨ ᠦᠵᠡᠬᠦᠯᠪᠡ᠃ ᠦᠵᠡᠭᠦᠯᠦᠯᠭᠡ ᠶᠢᠨ ᠲᠣᠭᠤᠷᠢᠭ ᠤᠨ ᠳᠦᠷᠰᠦ ᠪᠦᠲᠦᠭᠡᠯᠲᠡ ᠨᠢ ᠬᠥᠮᠥᠭᠡᠷ ᠳᠡᠭᠡᠪᠦᠷ᠂ ᠦᠵᠡᠰᠬᠦᠯᠡᠩᠲᠦ ᠰᠠᠶᠢᠬᠠᠨ ᠠᠭᠤᠯᠠ ᠤᠰᠤ᠂ ᠮᠤᠷᠢᠨ ᠤ ᠲᠣᠯᠣᠭᠠᠢ ᠶᠢᠨ ᠰᠡᠶᠢᠯᠦᠮᠡᠯ ᠵᠡᠷᠭᠡ ᠳᠦᠷᠢ ᠪᠠᠷ ᠰᠠᠭᠤᠷᠢ ᠪᠣᠯᠭᠠᠵᠤ᠂ ᠪᠠᠭᠲᠠᠭᠠᠮᠵᠢᠲᠠᠢ ᠨᠡᠭᠡᠭᠡᠯᠲᠡᠲᠡᠢ᠂ ᠬᠠᠮᠲᠤᠪᠠᠷ ᠡᠳ᠋ᠯᠡᠵᠦ ᠬᠠᠮᠲᠤᠪᠠᠷ ᠠᠰᠢᠭ ᠬᠦᠷᠳᠡᠬᠦ ᠬᠠᠮᠲᠤᠷᠠᠯᠴᠠᠭᠠᠨ ᠤ ᠬᠥᠭᠵᠢᠯᠲᠡ ᠶᠢᠨ ᠤᠢᠢᠯᠠᠭᠠᠭᠳᠠᠬᠤᠨ ᠪᠣᠯᠤᠨ ᠵᠣᠪᠠᠭᠤᠷᠢ ᠵᠦᠳᠡᠭᠦᠷᠢ ᠶᠢ ᠳᠠᠭᠠᠭᠠᠬᠤ᠂ ᠡᠷᠡᠯᠬᠡᠭᠯᠡᠨ ᠤᠷᠤᠭᠰᠢᠯᠠᠬᠤ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠢᠯᠡᠳᠬᠡᠵᠡᠢ᠃ 
内蒙古自治区系列活动精彩亮相进博会3.png 
    ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠲᠦᠭᠡᠭᠳᠡᠬᠦᠨ ᠥᠪᠥᠷ ᠮᠣᠩᠭᠤᠯ ᠤᠨ ᠨᠡᠷ᠎ᠡ ᠶᠢᠨ ᠬᠠᠭᠤᠳᠠᠰᠤ ᠶᠢ ︽ᠱᠤᠭᠤᠪᠠ︾᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 25 ᠠᠵᠤ ᠠᠬᠤᠶᠢᠯᠠᠯ ᠢ ᠨᠠᠷᠢᠨ ᠰᠣᠩᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠮᠠᠭᠠᠨ ᠨᠣᠣᠰᠣ᠂ ᠠᠮᠤ ᠲᠣᠰᠣ᠂ ᠴᠠᠭᠠᠨ ᠢᠳᠡᠭᠡ᠂ ᠮᠢᠬᠠᠨ ᠤ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠰᠢᠨ᠎ᠡ ᠮᠡᠷᠭᠡᠵᠢᠯ ᠰᠢᠨ᠎ᠡ ᠡᠨᠧᠷᠭᠢ ᠵᠡᠷᠭᠡ ᠵᠢᠷᠭᠤᠭᠠᠨ ᠶᠡᠭᠡ ᠲᠥᠷᠥᠯ ᠤᠨ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠲᠦᠭᠡᠭᠳᠡᠬᠦᠨ ᠢ ᠭᠤᠤᠯᠳᠠᠯᠭ᠎ᠠ ᠲᠠᠢ ᠳᠡᠯᠭᠡᠨ ᠦᠵᠡᠭᠦᠯᠵᠡᠶ᠃ ᠡᠯ᠎ᠡ ᠠᠶᠢᠮᠠᠭ ᠬᠤᠲᠠ ᠶᠢᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠭᠦᠨ ᠤ ᠪᠦᠲᠦᠭᠡᠭᠳᠡᠬᠦᠨ ᠢ ᠴᠤᠭᠯᠠᠭᠤᠯᠵᠤ᠂ ᠨᠧᠦᠳᠢᠮ ᠲᠡᠮᠦᠷ᠂ ᠰᠣᠷᠢᠨᠵᠢᠨ ᠪᠣᠯᠣᠳ᠂ NVP ︵ᠡᠲ᠋ᠧᠨᠢᠯ ᠫᠢᠷᠤᠯᠢᠳᠤᠨ︶᠂ PVP ︵ᠪᠥᠭᠡᠭᠡᠨᠡᠷᠡᠯ ᠡᠲ᠋ᠧᠨ ᠫᠢᠷᠤᠯᠢᠳᠤᠨ︶᠂ ᠬᠥᠩᠭᠡᠨ ᠴᠠᠭᠠᠨ ᠤ ᠨᠤᠨᠲᠠᠭ᠂ ᠬᠥᠩᠭᠡᠨ ᠴᠠᠭᠠᠨ ᠤ ᠪᠤᠳᠤᠭ ᠵᠡᠷᠭᠡ ᠰᠢᠨ᠎ᠡ ᠮᠠᠲ᠋ᠧᠷᠢᠶᠠᠯ ᠪᠠ ᠡᠮᠴᠢᠯᠡᠭᠡᠨ ᠤ ᠪᠠᠭᠠᠵᠢ ᠬᠡᠷᠡᠭᠰᠡᠯ᠂ ᠠᠮᠢᠲᠠᠨ ᠤ ᠸᠠᠺᠼᠢᠨ᠂ ᠠᠮᠢᠲᠠᠨ ᠤ ᠴᠢᠰᠤᠨ ᠴᠠᠶᠢᠪᠠᠩ ᠵᠡᠷᠭᠡ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ ᠢ ᠲᠡᠯᠭᠡᠨ ᠦᠵᠡᠬᠦᠯᠪᠠ᠃ ᠮᠣᠩᠭᠤᠯ ᠦᠨᠳᠦᠰᠦᠲᠡᠨ ᠤ ᠰᠣᠶᠣᠯ ᠤᠨ ᠡᠯᠧᠮᠧᠨ᠋ᠲ ᠢ ᠳᠡᠯᠭᠡᠨ ᠦᠵᠡᠭᠦᠯᠦᠭᠰᠡᠨ ᠬᠤᠪᠴᠠᠰᠤ ᠬᠤᠨᠠᠷ᠂ ᠮᠥᠩᠭᠦᠨ ᠡᠳ᠋ᠯᠡᠯ ᠵᠡᠷᠭᠡ ᠪᠦᠲᠦᠭᠡᠯᠴᠢ ᠦᠢᠯᠡᠳᠬᠦᠨ᠂ ᠥᠪᠥᠷ ᠮᠣᠩᠭᠤᠯ ᠤᠨ ᠨᠡᠩ ᠤᠯᠠᠨ ᠳᠠᠪᠠᠭᠤᠯᠢᠭ ᠠᠵᠤ ᠦᠢᠯᠡᠰ ᠤᠨ ᠦᠢᠯᠡᠳᠬᠦᠨ᠂ ᠠᠵᠤ ᠠᠬᠤᠶᠢᠯᠠᠯ ᠤᠨ ᠲᠦᠷᠦᠯ ᠵᠦᠢᠯ ᠤᠨ ᠭᠠᠳᠠᠭᠰᠢ ᠭᠠᠷᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠵᠦ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠭᠰᠡᠨ ᠪᠠᠶᠢᠨ᠎ᠡ᠃ 
内蒙古自治区系列活动精彩亮相进博会4.png 
  
 
ᠢᠷᠡᠯᠲᠡ᠄ ᠬᠠᠤᠯᠢ ᠲᠣᠭᠲᠠᠭᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号