ᠪᠤᠭᠤᠲᠤ ᠬᠤᠳᠠ ᠶᠢᠨ ᠦᠵᠡᠭᠦᠯᠦᠯᠭᠡ ᠶᠢᠨ ᠵᠦᠢᠯᠡᠰ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠳᠤ ᠣᠷᠤᠯᠴᠠᠪᠠ
ᠨᠡᠶᠢᠲᠡᠯᠡᠭᠰᠡᠨ ᠴᠠᠭ᠄
2022/11/8
  ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ 2022 ᠣᠨ ᠤ 11 ᠰᠠᠷ᠎ᠠ ᠶᠢᠨ 4 ᠤ ᠡᠳᠦᠷ ᠤᠯᠤᠰ ᠤᠨ ᠬᠤᠷᠠᠯ ᠦᠵᠡᠰᠬᠦᠯᠡᠩ ᠤᠨ ᠲᠥᠪ ︵ᠱᠠᠩᠬᠠᠢ︶ ᠲᠤ ᠡᠬᠢᠯᠡᠪᠡ᠃ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ︽ᠳᠤᠮᠳᠠᠳᠤ ᠤᠯᠤᠰ ᠤᠨ ᠡᠨᠡ ᠠᠷᠪᠠᠨ ᠵᠢᠯ — ᠭᠠᠳᠠᠭᠠᠳᠤ ᠨᠡᠭᠡᠭᠡᠯᠲᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ︾ ᠶᠢ ᠰᠢᠨ᠎ᠡ ᠪᠠᠷ ᠪᠠᠶᠢᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠳᠤ᠂ ᠮᠠᠨ ᠤ ᠬᠤᠲᠠ ᠶᠢᠨ 30 ᠭᠠᠷᠤᠶ ᠬᠤᠪᠣᠷ ᠰᠢᠷᠣᠶ ᠶᠢᠨ ᠦᠵᠡᠭᠦᠯᠦᠯᠭᠡ ᠶᠢᠨ ᠪᠣᠳᠠᠰ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠠᠷᠪᠠᠨ ᠵᠢᠯ ᠤᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠳᠤ ᠰᠣᠩᠭᠤᠭᠳᠠᠨ ᠤᠷᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠳᠤ 3D ᠸᠢᠳᠢᠣ᠋ ᠬᠠᠩᠭᠠᠵᠤ᠂ ᠪᠤᠭᠤᠲᠤ ᠶᠢᠨ ᠳᠦᠷᠢ ᠲᠥᠷᠬᠦ ᠵᠢᠴᠢ ᠭᠠᠳᠠᠭᠠᠳᠤ ᠨᠡᠭᠡᠭᠡᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠡᠶ᠃ ︽ᠥᠪᠥᠷ ᠮᠣᠩᠭᠤᠯ ᠤᠨ ᠦᠨᠦᠷ ᠠᠮᠲᠠ︾ ᠰᠢᠷᠢᠰ ᠠᠵᠢᠯᠯᠠᠭ᠎ᠠ ᠱᠠᠩᠬᠠᠢ ᠶᠢᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠰᠣᠶᠣᠯ ᠢᠷᠭᠡᠨᠰᠢᠯ ᠤᠨ ᠰᠣᠯᠢᠯᠴᠠᠭᠠᠨ ᠤ ᠳᠡᠯᠭᠡᠨ ᠦᠵᠡᠭᠦᠯᠦᠯᠭᠡ ᠶᠢᠨ ᠠᠵᠢᠯᠯᠠᠭ᠎ᠠ ᠳᠤ ︽ᠳᠠᠯᠠᠢ ᠶᠢᠨ ᠦᠵᠦᠭᠦᠷ ᠭᠢᠵᠠᠭᠠᠷ ᠪᠣᠯ ᠲᠠᠯ᠎ᠠ ᠨᠤᠲᠤᠭ︾ ᠭᠡᠬᠦ ᠭᠤᠣᠯ ᠰᠡᠳᠦᠪ ᠢᠶᠠᠷ ᠮᠠᠨ ᠤ ᠬᠤᠳᠠ ᠶᠢᠨ ᠶᠢᠨ ᠱᠠᠨ ᠰᠣᠷᠢᠨᠵᠢᠨ ᠮᠠᠲ᠋ᠧᠷᠢᠶᠠᠯ᠂ ᠯᠦ ᠸᠠᠩ ᠢᠮᠠᠭᠠᠨ ᠨᠣᠯᠤᠤᠷ᠂ ᠳ᠋ᠧ ᠺᠠᠩ ᠰᠢᠨᠵᠢᠯᠡᠬᠦ ᠤᠬᠠᠭᠠᠨ ᠮᠡᠷᠭᠡᠵᠢᠯ᠂ ᠶᠢᠩ ᠬᠤᠸᠠ ᠷᠦᠩ ᠲᠠᠢ᠂ ᠵᠦᠩ ᠴᠤᠸᠠᠨ ᠠᠵᠤ ᠦᠢᠯᠡᠰ ᠤᠨ ᠢᠮᠠᠭᠠᠨ ᠨᠣᠯᠤᠤᠷ ᠤᠨ ᠪᠦᠲᠦᠭᠡᠭᠳᠡᠬᠦᠨ᠂ ᠬᠤᠪᠣᠷ ᠰᠢᠷᠣᠢ ᠶᠢᠨ ᠪᠦᠲᠦᠭᠡᠭᠳᠡᠬᠦᠨ᠂ ᠡᠮᠴᠢᠯᠡᠭᠡᠨ ᠤ ᠪᠠᠭᠠᠵᠢ ᠬᠡᠷᠡᠭᠰᠡᠯ᠂ ᠢᠮᠠᠭᠠᠨ ᠠᠷᠠᠰᠤᠨ ᠴᠠᠭᠠᠰᠤᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠰᠣᠶᠣᠯ ᠢᠷᠭᠡᠨᠰᠢᠯ ᠤᠨ ᠰᠣᠯᠢᠯᠴᠠᠭᠠᠨ ᠤ ᠦᠵᠡᠰᠬᠦᠯᠡᠩ ᠳᠤ ᠳᠡᠯᠭᠡᠨ ᠦᠵᠡᠭᠦᠯᠵᠦ ᠪᠤᠢ᠃ 
包头市展品精彩亮相进博会1.png 
   ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠪᠣᠷ ᠰᠢᠷᠣᠶ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠪᠴᠢᠶ᠎ᠠ᠂ ᠳᠤᠮᠳᠠᠳᠤ ᠤᠯᠤᠰ ᠤᠨ ᠰᠢᠦᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠤᠭᠤᠲᠤ ᠬᠤᠲᠠ ᠶᠢᠨ ᠬᠤᠪᠢᠶᠠᠷᠢ ᠺᠣᠮᠫᠠᠨᠢ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠵᠢᠭᠦᠯᠦᠭᠰᠡᠨ ᠤᠷᠢᠲᠠᠯ ᠳᠣᠣᠷ᠎ᠠ᠂ 3D ᠸᠢᠳᠢᠣ᠋᠂ ᠭᠠᠳᠠᠭᠠᠳᠤ ᠨᠡᠬᠡᠬᠡᠯᠳᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠶᠢᠨ 30 ᠭᠠᠷᠤᠢ ᠬᠤᠪᠣᠷ ᠰᠢᠷᠣᠢ ᠶᠢᠨ ᠦᠵᠡᠭᠦᠯᠦᠯᠭᠡ ᠶᠢᠨ ᠵᠦᠢᠯ ᠪᠣᠯᠤᠨ ︽ᠥᠪᠥᠷ ᠮᠣᠩᠭᠤᠯ ᠤᠨ ᠦᠨᠦᠷ ᠠᠮᠲᠠ︾ ᠰᠢᠷᠢᠰ ᠠᠵᠢᠯᠯᠠᠭ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ᠦᠵᠡᠭᠦᠯᠦᠯᠭᠡ ᠶᠢᠨ ᠵᠦᠢᠯ ᠢ ᠱᠠᠩᠬᠠᠢ ᠶᠢᠨ ᠦᠵᠡᠭᠦᠯᠦᠯᠭᠡ ᠶᠢᠨ ᠴᠤᠭᠯᠠᠭᠠᠨ ᠳᠤ ᠠᠮᠵᠢᠯᠲᠠ ᠲᠠᠢ ᠪᠠᠷ ᠬᠦᠷᠭᠡᠵᠦ᠂ ᠦᠵᠡᠭᠦᠯᠦᠯᠭᠡ ᠶᠢᠨ ᠴᠤᠭᠯᠠᠭᠠᠨ ᠤ ᠬᠤᠳᠠᠯᠳᠤᠭᠠᠴᠢᠨ ᠪᠣᠯᠤᠨ ᠦᠵᠡᠭᠴᠢᠳ ᠲᠤ ᠪᠤᠭᠤᠲᠤ ᠶᠢ ᠣᠶᠢᠯᠠᠭᠠᠭᠤᠯᠵᠤ᠂ ᠪᠤᠭᠤᠲᠤ ᠶᠢ ᠲᠠᠨᠢᠭᠤᠯᠵᠦ᠂ ᠪᠤᠭᠤᠲᠤ  ᠳᠤ ᠬᠠᠶᠢᠷ᠎ᠡ ᠪᠠᠬ᠎ᠠ ᠲᠠᠢ ᠪᠣᠯᠭᠠᠭᠰᠠᠨ ᠪᠠᠶᠢᠨ᠎ᠡ᠃ ᠮᠠᠨ ᠤ ᠬᠤᠲᠠ ᠶᠢᠨ ᠨᠡᠩ ᠣᠯᠠᠨ ᠳᠠᠪᠠᠭᠤᠯᠢᠭ ᠠᠵᠤ ᠦᠢᠯᠡᠰ ᠤᠨ ᠪᠦᠲᠦᠭᠡᠭᠳᠡᠬᠦᠨ᠂ ᠠᠵᠤ ᠠᠬᠤᠶᠢᠯᠠᠯ ᠤᠨ ᠲᠥᠷᠥᠯ ᠵᠦᠢᠯ ᠤᠨ ᠭᠠᠳᠠᠭᠰᠢ ᠭᠠᠷᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠶ ᠨᠡᠭᠡᠭᠡᠵᠦ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠪᠣᠯᠣᠨ᠎ᠠ᠃ 
包头市展品精彩亮相进博会2.png 
  
 
ᠢᠷᠡᠯᠲᠡ᠄ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号