ᠥᠪᠥᠷ ᠮᠣᠩᠭᠤᠯ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠱᠠᠯᠠᠮᠠᠭᠠᠶᠢᠯᠠᠨ ᠲᠦᠷᠭᠡᠳᠬᠡᠪᠡ
ᠨᠡᠶᠢᠲᠡᠯᠡᠭᠰᠡᠨ ᠴᠠᠭ᠄
2022/12/18
    12 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠱᠠᠨᠳᠦ᠋ᠩ ᠮᠤᠵᠢ ᠶᠢᠨ ᠴᠢᠩᠳᠣᠤ ᠬᠤᠲᠠ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠠᠭᠤᠴᠢᠯᠠᠨ ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠭᠢᠯᠡᠪᠡ᠃ ᠬᠤᠷᠠᠯ ᠤᠨ ᠲᠤᠬᠠᠶ ᠶᠢᠨ ᠲᠠᠯᠠᠪᠠᠶ ᠳᠤ 22 ᠲᠥᠰᠥᠯ ᠤᠨ ᠭᠡᠷ᠎ᠡ ᠪᠠᠶᠢᠭᠤᠯᠵᠤ᠂ ᠲᠥᠰᠥᠯ ᠤᠨ ᠪᠡᠯᠡ ᠶᠢᠨ ᠶᠡᠷᠦᠩᠬᠡᠶ ᠲᠤᠭ᠎ᠠ 278 ᠳ᠋ᠦᠩᠰᠢᠭᠤᠷ ᠲᠥᠭᠦᠷᠢᠭ ᠢ ᠳᠠᠪᠠᠪᠠ᠃ ᠬᠠᠮᠲᠤᠷᠠᠯᠴᠠᠭᠠᠨ ᠤ ᠲᠥᠰᠥᠯ ᠨᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠲᠣᠨᠣᠭᠯᠠᠯ ᠦᠢᠯᠡᠳᠪᠦᠷᠢᠯᠡᠬᠦ ᠠᠵᠤ ᠠᠬᠤᠢ᠂ ᠤᠳᠤ ᠦᠶ᠎ᠡ ᠶᠢᠨ ᠬᠥᠳᠡᠭᠡ ᠠᠵᠤ ᠠᠬᠤᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠲᠡᠮᠦᠷᠯᠢᠭ ᠬᠠᠶᠢᠯᠤᠭᠤᠯᠬᠤ ᠠᠵᠤ ᠦᠢᠯᠡᠰ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠵᠡᠷᠭᠡ ᠬᠦᠷᠢᠶ᠎ᠡ ᠶᠢ ᠬᠠᠮᠤᠷᠪᠠ᠃    ︽ᠥᠪᠥᠷ ᠮᠣᠩᠭᠤᠯ ᠪᠣᠯ ᠭᠤᠷᠪᠠᠨ ᠤᠮᠠᠷᠠᠲᠤ ᠣᠷᠣᠨ ᠢ ᠰᠤᠨᠳᠠᠯᠠᠵᠤ᠂ ᠨᠠᠢᠮᠠᠨ ᠮᠤᠵᠢ ᠲᠠᠢ ᠬᠥᠷᠰᠢᠯᠡᠵᠦ᠂ ᠤᠮᠠᠷᠠᠰᠢ ᠮᠣᠩᠭᠤᠯ ᠤᠯᠤᠰ᠂ ᠤᠷᠤᠰ ᠲᠠᠢ ᠬᠢᠯᠢᠯᠡᠵᠦ᠂ ᠪᠡᠭᠡᠵᠢᠩ ᠲᠢᠶᠠᠨᠵᠢᠨ ᠡᡁᠧᠪᠸᠢ᠂ ᠵᠡᠭᠦᠨ ᠬᠤᠶᠢᠲᠤ ᠣᠷᠣᠨ ᠵᠡᠷᠭᠡ ᠭᠤᠣᠯ ᠵᠠᠬ᠎ᠠ ᠳᠡᠯᠭᠡᠭᠦᠷ ᠪᠣᠯᠤᠨ ᠲᠠᠯᠠᠢ ᠳᠤ ᠭᠠᠷᠬᠤ ᠭᠠᠷᠠᠮ ᠲᠠᠢ ᠬᠥᠷᠰᠢᠯᠡᠵᠦ᠂ ᠪᠦᠸᠧᠬᠠᠢ ᠲᠠᠩᠭᠢᠰ ᠳᠠᠭᠠᠤ ᠣᠷᠣᠨ ᠤ ᠥᠷᠥᠴᠡ ᠭᠠᠵᠠᠷ ᠪᠣᠯᠤᠨ ᠵᠡᠭᠦᠨ ᠬᠤᠶᠢᠲᠤ  ᠶᠢᠨ ᠠᠵᠤ ᠠᠬᠤᠢ ᠶᠢᠨ ᠣᠷᠣᠨ ᠤ ᠴᠢᠬᠤᠯᠠ ᠪᠦᠷᠢᠯᠳᠦᠬᠦᠨ ᠬᠡᠰᠡᠭ ᠨᠢ ᠪᠣᠯᠤᠨ᠎ᠠ᠂ ᠪᠠᠰᠠ ᠴᠤ ᠬᠤᠸᠠᠪᠧᠢ ᠣᠷᠣᠨ ᠢ ᠪᠠᠷᠠᠭᠤᠨ ᠬᠤᠶᠢᠲᠤ ᠣᠷᠣᠨ ᠲᠠᠢ ᠬᠤᠯᠪᠣᠬᠤ ᠠᠵᠤ ᠠᠬᠤᠢ ᠶᠢᠨ ᠬᠤᠯᠪᠣᠭᠠᠰᠤ ᠪᠣᠯᠵᠤ᠂ ᠥᠷᠭᠡᠨ ᠤᠯᠠᠨ ᠪᠡᠯᠡ ᠣᠷᠣᠭᠤᠯᠤᠭᠴᠢᠳ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠬᠠᠮᠲᠤᠷᠠᠨ ᠬᠥᠭᠵᠢᠬᠦ ᠶᠢ ᠬᠠᠶᠢᠵᠤ ᠡᠷᠢᠬᠦ ᠳᠤ ᠨᠢ ᠥᠷᠭᠡᠨ ᠠᠭᠤᠳᠠᠮ ᠣᠷᠣᠨ ᠵᠠᠢ ᠬᠠᠩᠭᠠᠵᠠᠢ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠢᠯᠡᠳᠬᠡᠪᠡ᠃   ᠨᠢᠭᠡ ᠵᠢᠯ ᠴᠢᠷᠮᠠᠶᠢᠭᠠᠳ ᠰᠢᠪᠲᠤᠯᠤᠯᠲᠠ ᠶᠢᠨ ᠴᠠᠭ ᠪᠣᠯᠵᠤ ᠪᠠᠶᠢᠨ᠎ᠠ᠃ ᠥᠪᠥᠷ ᠮᠣᠩᠭᠤᠯ ᠵᠠᠩᠭᠢᠯᠠᠭ᠎ᠠ ᠶᠢᠨ ᠬᠤᠭᠤᠴᠠᠭ᠎ᠠ ᠶᠢ ᠱᠠᠯᠠᠪᠳᠠᠨ ᠪᠠᠷᠢᠵᠤ᠂ ᠡᠯᠪᠡᠭ ᠳᠡᠯᠪᠡᠭ ᠡᠬᠢ ᠪᠠᠶᠠᠯᠢᠭ ᠪᠣᠯᠣᠨ ᠠᠵᠤ ᠦᠶᠯᠡᠰ ᠤᠨ ᠪᠦᠯᠦᠭᠵᠢᠯ᠂ ᠠᠵᠤ ᠦᠶᠯᠡᠰ ᠤᠨ ᠬᠡᠯᠬᠢᠶᠡᠯᠡᠯ ᠳᠤ ᠰᠠᠭᠤᠷᠢᠯᠠᠵᠤ᠂ 2022 ᠣᠨ ᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠡᠪᠦᠯ ᠤᠨ ᠤᠯᠠᠷᠢᠯ ᠤᠨ ᠠᠵᠢᠯᠯᠠᠭ᠎ᠠ ᠶᠢ ᠡᠬᠢᠯᠡᠭᠦᠯᠵᠦ᠂ ︽ᠲᠥᠪ ᠬᠤᠲᠠ ᠪᠠᠨ ᠬᠦᠴᠦᠷᠬᠡᠭᠵᠢᠭᠦᠯᠬᠦ᠂ ᠬᠥᠬᠡᠬᠤᠲᠠ ᠳᠤ ᠴᠤᠭᠯᠠᠵᠤ — ︿ᠵᠠᠭᠤᠨ ᠦᠢᠯᠡᠰ ᠶᠢᠨ ᠬᠤᠯᠪᠣᠭ᠎ᠠ﹀ ᠶᠢᠨ ᠬᠥᠷᠥᠩᠭᠡ ᠣᠷᠣᠭᠤᠯᠤᠭᠴᠢᠳ ᠢ ᠤᠷᠢᠬᠤ ᠶᠡᠭᠡ ᠬᠤᠷᠠᠯ︾᠂ ︽ᠪᠤᠭᠤᠲᠤ ︵ᠱᠠᠩᠬᠠᠶ︶ ᠶᠢᠨ ᠭᠠᠳᠠᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠠᠭᠤᠴᠢᠯᠠᠨ ᠲᠠᠨᠢᠯᠴᠠᠭᠤᠯᠬᠤ ᠬᠤᠷᠠᠯ 》᠂《 2023 ᠣᠷᠳᠣᠰ ᠬᠤᠲᠠ ( ᠬᠥᠬᠡᠮᠥ᠋ᠷᠡᠨ ᠤ ᠭᠤᠷᠪᠠᠯᠵᠢᠨ ᠬᠤᠶᠢᠭ ) ᠶᠢᠨ ᠬᠥᠷᠥᠩᠭᠡ ᠣᠷᠣᠭᠤᠯᠤᠯᠲᠠ ᠶᠢᠨ ᠵᠠᠭᠤᠴᠢᠯᠠᠨ ᠲᠠᠨᠢᠯᠴᠠᠭᠤᠯᠬᠤ ᠬᠤᠷᠠᠯ 》 ᠵᠡᠷᠭᠡ ᠰᠦᠯᠵᠢᠶᠡᠨ ᠤ ᠪᠠ ᠰᠦᠯᠵᠢᠶᠡᠨ ᠤ ᠪᠤᠰᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯᠣᠨ ᠠᠵᠤ ᠠᠬᠤᠶᠢᠯᠠᠯ  ᠳᠤ ᠠᠶᠢᠯᠠᠴᠢᠯᠠᠵᠤ ᠣᠴᠢᠬᠤ ᠠᠵᠢᠯᠯᠠᠭ᠎ᠠ ᠦᠷᠭᠦᠯᠵᠢᠯᠡᠨ ᠥᠷᠨᠢᠵᠦ᠂ ︽ᠰᠡᠯᠡᠭᠦᠦ ᠡᠪᠦᠯ︾ ᠢ ︽ᠶᠠᠭᠠᠷᠠᠤ ᠡᠪᠦᠯ︾ ᠪᠣᠯᠭᠠᠨ ᠬᠤᠪᠢᠷᠠᠭᠤᠯᠪᠠ᠃   《 ᠪᠢᠳᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ〈ᠠᠵᠤ ᠦᠶᠯᠡᠰ ᠤᠨ ᠵᠠᠮᠨᠠᠭᠤᠷ 〉 ᠤᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠠᠵᠤ ᠦᠶᠯᠡᠰ ᠤᠨ ᠪᠦᠯᠦᠭᠵᠢᠯ᠂ ᠠᠵᠤ ᠦᠶᠯᠡᠰ ᠤᠨ ᠬᠡᠯᠬᠢᠶ᠎ᠡ᠂ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠲᠠᠪᠴᠠᠩ ᠤᠨ ᠲᠣᠭᠤᠷᠢᠨ ᠳᠤ᠂〈 ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠬᠦᠴᠦᠷᠬᠡᠭᠵᠢᠭᠦᠯᠵᠦ ᠬᠡᠯᠬᠢᠶ᠎ᠡ ᠶᠢ ᠨᠥᠬᠦᠪᠥᠷᠢᠯᠡᠬᠦ 〉ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠡᠯ᠎ᠡ ᠭᠠᠵᠠᠷ ᠤᠨ ᠠᠵᠤ ᠦᠶᠯᠡᠰ ᠯᠦᠭᠡ ᠶᠢᠨ ᠬᠠᠮᠲᠤᠷᠠᠯᠴᠠᠭ᠎ᠠ ᠶᠢ ᠵᠣᠯᠭᠠᠭᠤᠯᠬᠤ ᠶᠢ ᠢᠳᠡᠪᠬᠢᠲᠡᠶ ᠥᠷᠨᠢᠭᠦᠯᠵᠦ᠂ ᠨᠢᠭᠡ ᠪᠦᠯᠦᠭ ᠴᠢᠨᠠᠷ ᠰᠠᠶᠢᠲᠠᠶ ᠪᠡᠯᠡ ᠣᠷᠣᠭᠤᠯᠬᠤ ᠲᠥᠰᠥᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ 》ᠭᠡᠵᠦ ᠯᠢ ᠵᠢᠶᠦ᠋ᠨ ᠳᠠᠷᠤᠭ᠎ᠠ ᠢᠯᠡᠳᠬᠡᠪᠡ᠃   ᠲᠥᠰᠥᠯ ᠤᠨ ᠭᠡᠷ᠎ᠡ ᠪᠠᠶᠢᠭᠤᠯᠬᠤ ᠪᠣᠯ ᠨᠢᠭᠡᠳᠦᠭᠡᠷ ᠠᠯᠬᠤᠮ ᠪᠣᠯᠤᠨ᠎ᠠ᠂ ᠨᠠᠶᠢᠳᠠᠪᠤᠷᠢᠵᠢᠭᠤᠯᠵᠤ᠂ ᠠᠵᠢᠯ ᠡᠬᠢᠯᠡᠭᠦᠯᠵᠦ᠂ ᠠᠰᠢᠭᠯᠠᠯᠲᠠ ᠳᠤ ᠣᠷᠣᠭᠤᠯᠪᠠᠯ ᠰᠠᠶ᠋ᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠦᠨᠡᠨ ᠬᠦ ᠠᠬᠢᠭᠤᠯᠵᠤ ᠴᠢᠳᠠᠨ᠎ᠠ᠃   12 ᠰᠠᠷ᠎ᠠ ᠶᠢᠨ 18 ᠤ ᠡᠳᠦᠷ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ( ᠪᠤᠭᠤᠲᠤ ) ᠤᠨ ᠬᠢᠵᠠᠭᠠᠷᠲᠤ ᠺᠣᠮᠫᠠᠨᠢ ᠶᠢᠨ ᠦᠶᠯᠡᠳᠪᠦᠷᠢ ᠶᠢᠨ ᠲᠠᠰᠤᠭ ᠲᠤ ᠬᠥᠮᠥᠰ ᠶᠠᠭᠠᠷᠠᠯᠲᠠᠶ ᠠᠵᠢᠯᠯᠠᠵᠤ ᠪᠠᠶᠢᠯ᠎ᠠ᠂ ᠡᠨᠡ ᠬᠦ ᠲᠤᠰᠬᠠᠢ ᠲᠠᠩ ᠲᠠᠯᠠᠰᠲᠤ ᠴᠠᠬᠢᠭᠤᠷ ᠦᠢᠯᠡᠳᠪᠦᠷᠢᠯᠡᠵᠦ᠂ ᠰᠤᠳᠤᠯᠤᠨ ᠨᠡᠭᠡᠭᠡᠵᠦ᠂ ᠪᠣᠷᠣᠯᠠᠭᠤᠯᠳᠠᠭ ᠺᠣᠮᠫᠠᠨᠢ ᠨᠢᠭᠡᠨᠲᠡ ᠵᠢᠯ ᠭᠠᠷᠤᠶ ᠴᠢᠳᠠᠯ ᠤᠨ ᠴᠢᠨᠡᠭᠡ ᠪᠠᠷ ᠦᠢᠯᠡᠳᠪᠦᠷᠢᠯᠡᠵᠡᠢ᠃ ᠵᠢᠶᠠᠩᠰᠦ ᠶᠢᠨ ᠵᠢᠶᠠᠩ  ᠶᠢᠨ ᠠᠴᠠ ᠥᠪᠥᠷ ᠮᠣᠩᠭᠤᠯ ᠤᠨ ᠪᠤᠭᠤᠲᠤ  ᠳᠤ ᠢᠷᠡᠵᠦ᠂ ᠰᠢᠨ᠎ᠡ ᠦᠶᠯᠡᠳᠪᠦᠷᠢ ᠣᠬᠤᠷᠬᠠᠨ ᠬᠤᠭᠤᠴᠠᠭᠠᠨ ᠳᠤ ᠠᠵᠢᠯᠯᠠᠭ᠎ᠠ ᠪᠠᠨ ᠡᠬᠢᠯᠡᠭᠦᠯᠵᠦ᠂ ᠲᠥᠰᠥᠯ ᠤᠨ ᠵᠣᠷᠢᠭᠰᠠᠨ ᠦᠢᠯᠡᠳᠪᠦᠷᠢᠯᠡᠬᠦ ᠲᠥᠯᠥᠪᠯᠡᠭᠡᠨ ᠤ ᠬᠡᠮᠵᠢᠶᠡᠨ ᠳᠤ ᠬᠦᠷᠦᠭᠰᠡᠨ ᠤ ᠳᠠᠷᠠᠭ᠎ᠠ ᠵᠢᠯ ᠤᠨ ᠦᠶᠯᠡᠳᠬᠦᠨ ᠤ ᠥᠷᠲᠡᠭ ᠨᠢ 400 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠵᠣ᠂ ᠵᠢᠯ ᠤᠨ ᠭᠠᠶᠢᠯᠢ ᠲᠠᠲᠠᠪᠤᠷᠢ ᠪᠠ ᠨᠡᠮᠡᠯᠲᠡ ᠥᠷᠲᠡᠭ ᠨᠢ 13.8 ᠳ᠋ᠦᠩᠰᠢᠭᠤᠷ ᠲᠥᠭᠦᠷᠢᠭ ᠲᠤ ᠬᠦᠷᠴᠦ᠂ 5000 ᠭᠠᠷᠤᠶ ᠬᠥᠮᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃《 ᠭᠡᠷ᠎ᠡ ᠪᠠᠶᠢᠭᠤᠯᠬᠤ᠂ ᠠᠵᠢᠯ ᠡᠬᠢᠯᠡᠭᠦᠯᠬᠦ᠂ ᠠᠰᠢᠭᠯᠠᠯᠲᠠ ᠳᠤ ᠣᠷᠣᠭᠤᠯᠬᠤ ᠵᠡᠷᠭᠡ ᠠᠯᠢ ᠣᠯᠠᠨ ᠠᠵᠢᠯ ᠠᠴᠠ ᠪᠢᠳᠡ ᠵᠥᠪᠬᠡᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠪᠠᠯ ᠪᠣᠯᠴᠢᠬᠠᠨ᠎ᠠ᠂ ᠦᠯᠡᠳᠡᠭᠰᠡᠨ ᠶᠠᠪᠤᠳᠠᠯ ᠢ ︿ᠲᠤᠰᠬᠠᠶ ᠬᠠᠮᠢᠶᠠᠷᠤᠭᠴᠢ﹀ ᠴᠥᠮ ᠪᠢᠳᠡᠨ ᠢ ᠣᠷᠣᠯᠠᠨ ᠬᠥᠭᠡᠭᠡᠴᠡᠯᠳᠦᠵᠦ ᠪᠡᠶᠡᠯᠡᠭᠦᠯᠵᠡᠢ᠂ ᠮᠠᠨ ᠤ ᠲᠥᠰᠥᠯ ᠲᠤᠬᠠᠶ ᠶᠢᠨ ᠵᠢᠯ ᠳᠡᠭᠡᠨ ᠭᠡᠷ᠎ᠡ ᠲᠣᠭᠲᠠᠬᠤ᠂ ᠲᠤᠬᠠᠶ ᠶᠢᠨ ᠵᠢᠯ ᠳᠡᠭᠡᠨ ᠦᠢᠯᠡᠳᠪᠦᠷᠢ ᠪᠠᠶᠢᠭᠤᠯᠤᠭᠳᠠᠬᠤ᠂ ᠲᠤᠬᠠᠶ ᠶᠢᠨ ᠵᠢᠯ ᠳᠡᠭᠡᠨ ᠠᠰᠢᠭᠯᠠᠯᠲᠠ ᠳᠤ ᠣᠷᠣᠬᠤ᠂ ᠲᠤᠬᠠᠢ ᠶᠢᠨ ᠵᠢᠯ ᠳᠡᠭᠡᠨ ᠦᠷ᠎ᠡ ᠪᠦᠲᠦᠮᠵᠢ ᠲᠠᠢ ᠪᠣᠯᠬᠤ ᠠᠮᠵᠢᠯᠲᠠ ᠳᠤ ᠬᠦᠷᠴᠡᠢ︾ ᠭᠡᠵᠦ ᠱᠤᠸᠠᠩ ᠯᠢᠶᠠᠩ ᠴᠠᠬᠢᠭᠤᠷ ᠮᠠᠲ᠋ᠧᠷᠢᠶᠠᠯ ᠤᠨ ( ᠪᠤᠭᠤᠲᠤ ) ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠦ ᠭᠦᠸᠧ ᠶᠢᠨ ᠪᠤᠭᠤᠲᠤ ᠶᠢᠨ ᠬᠤᠳᠠᠯᠳᠤᠭ᠎ᠠ ᠡᠵᠡᠩᠨᠡᠬᠦ ᠣᠷᠴᠢᠨ ᠢ ᠪᠠᠶᠢᠨ ᠳᠠᠬᠢᠨ ᠱᠠᠭᠰᠢᠨ ᠮᠠᠭᠲᠠᠪᠠ᠃   ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠠᠴᠠ ᠦᠵᠡᠪᠡᠯ᠂ ᠣᠶᠢᠷ᠎ᠠ ᠶᠢᠨ ᠵᠢᠯ ᠳᠤ ᠥᠪᠥᠷ ᠮᠣᠩᠭᠤᠯ《ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃《ᠮᠥᠩᠬᠡ ᠰᠤᠪᠠᠭ ᠳᠠᠬᠢ ᠳᠥᠷᠪᠡᠨ ᠭᠦᠶᠴᠡᠳᠬᠡᠬᠦ 》ᠦᠶᠯᠡᠴᠢᠯᠡᠭᠡ ᠶᠢ ᠭᠦᠨᠵᠡᠭᠡᠶᠢᠷᠡᠭᠦᠯᠵᠦ᠂ ᠥᠨᠳᠥᠷ ᠳᠠᠪᠲᠠᠮᠵᠢᠲᠤ ᠵᠦᠶᠯᠡᠰ ᠢ《 ᠨᠢᠭᠡ ᠤᠳᠠᠭ᠎ᠠ ᠳᠤ ᠭᠦᠶᠴᠡᠳᠬᠡᠬᠦ 》᠂ 《 ᠠᠯᠠᠭᠠᠨ ᠳᠡᠭᠡᠷ᠎ᠡ ᠪᠠᠨ ᠭᠦᠶᠴᠡᠳᠬᠡᠬᠦ 》᠂ 《 ᠮᠤᠵᠢ ᠠᠯᠤᠰᠯᠠᠨ ᠭᠦᠶᠴᠡᠳᠬᠡᠬᠦ 》 ᠶᠢ ᠪᠡᠶᠡᠯᠡᠭᠦᠯᠵᠦ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠶᠢ《 ᠨᠢᠭᠡᠳᠦᠭᠡᠷ ᠹᠷᠣᠨᠲ ᠲᠤ ᠨᠡᠪᠲᠡᠷᠡᠭᠦᠯᠬᠦ》 ᠶᠢ ᠠᠬᠢᠭᠤᠯᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠦᠶᠯᠡᠴᠢᠯᠡᠭᠡᠨ ᠤ ᠪᠥᠬᠦ ᠶᠠᠪᠤᠳᠠᠯ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠲᠦᠷᠭᠡᠳᠬᠡᠨ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠦᠢᠯᠡᠴᠢᠯᠡᠭᠦᠯᠬᠦ ᠠᠵᠢᠯ ᠢᠶᠠᠨ ᠨᠢᠭᠡᠬᠡᠨ ᠤᠳᠠᠭᠠᠨ ᠳᠤ ᠪᠠᠶᠠᠯᠡᠭᠦᠯᠬᠦ ᠶᠢ ᠦᠨᠡᠨ ᠬᠦ ᠪᠠᠲᠤᠯᠠᠪᠠ︔ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠠᠴᠠ ᠦᠵᠡᠪᠡᠯ᠂ ᠥᠪᠥᠷ ᠮᠣᠩᠭᠤᠯ ᠪᠣᠯ ᠤᠯᠤᠰ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠭᠤᠷᠪᠠᠨ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ  ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠡᠷᠭᠡ ᠪᠠᠷ ᠭᠥᠷᠳᠡᠭᠰᠡᠨ ᠪᠥᠬᠦ ᠤᠯᠤᠰ ᠤᠨ ᠴᠣᠷ ᠤᠨ ᠭᠠᠭᠴᠠ ᠮᠤᠵᠢ ᠣᠷᠣᠨ ᠪᠠᠶᠢᠵᠤ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠳᠠᠪᠬᠤᠴᠠᠭᠰᠠᠨ ᠲᠠᠪᠠᠮᠠᠭᠠᠢ ᠪᠠᠶᠢᠷᠢ ᠮᠡᠳᠡᠭᠳᠡᠮ᠎ᠡ ᠪᠠᠶᠢᠨ᠎ᠠ᠃ ᠤᠯᠤᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠬᠦ ᠶᠢᠨ ᠬᠠᠮᠲᠤ᠂ ᠥᠪᠥᠷ ᠮᠣᠩᠭᠤᠯ ᠤᠷᠢᠳ ᠬᠤᠵᠢᠳ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠡᠷ᠎ᠡ ᠶᠢᠨ ᠵᠢᠭᠰᠠᠭᠠᠯᠲᠠ᠂ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠵᠤ ᠠᠬᠤᠶ ᠶᠢ ᠲᠣᠭᠲᠠᠪᠤᠷᠢᠵᠢᠭᠤᠯᠬᠤ 36 ᠵᠤᠷᠪᠤᠰ᠂ ᠰᠦᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 9 ᠵᠤᠷᠪᠤᠰ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃   《ᠲᠠᠷᠠᠭᠠᠴᠢ ᠶᠢᠨ ᠠᠯᠬᠤᠮ ᠳᠤ᠂ ᠪᠢᠳᠡ ᠲᠡᠷᠢᠭᠦᠨ ᠤ ᠦᠢᠯᠡᠳᠪᠦᠷᠢᠯᠡᠬᠦ ᠦᠶᠯᠡᠰ᠂ ᠲᠤᠰᠬᠠᠶᠢᠵᠢᠭᠰᠠᠨ ᠨᠠᠷᠢᠯᠢᠭᠵᠢᠭᠰᠠᠨ  ᠣᠨᠴᠠᠯᠢᠭᠵᠢᠭᠰᠠᠨ ᠰᠢᠨᠡᠴᠢᠯᠡᠭᠰᠡᠨ ᠵᠦᠢᠯᠡᠰ᠂ ᠣᠲᠣ ᠦᠶ᠎ᠡ ᠶᠢᠨ ᠲᠠᠷᠢᠶᠠᠯᠠᠩ᠂ ᠣᠲᠣ ᠦᠶ᠎ᠡ  ᠶᠢᠨ ᠦᠶᠯᠡᠴᠢᠯᠡᠭᠡᠨ ᠤ ᠦᠶᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 500 ᠬᠦᠴᠦᠷᠬᠡᠭ ᠠᠵᠤ ᠠᠬᠤᠶᠢᠯᠠᠯ ᠵᠡᠷᠭᠡ ᠶᠢᠨ ᠬᠤᠳᠠᠯᠳᠤᠭᠠᠴᠢᠨ ᠢ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠤᠷᠢᠵᠤ ᠣᠷᠣᠭᠤᠯᠬᠤ ᠲᠥᠰᠥᠯ ᠤᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ᠪᠦᠬᠦ ᠣᠷᠣᠨ ᠤ ᠳᠡᠭᠡᠷ᠎ᠡ ᠳᠣᠣᠷ᠎ᠠ ᠱᠠᠲᠤ ᠬᠤᠳᠠᠯᠳᠤᠭᠠᠴᠢᠨ ᠤᠷᠢᠬᠤ ᠳᠡᠭᠡᠷ᠎ᠡ ᠬᠦᠴᠦ ᠲᠠᠯᠪᠢᠬᠤ᠂ ᠲᠥᠰᠥᠯ ᠳᠡᠭᠡᠷ᠎ᠡ ᠬᠦᠴᠦ ᠲᠠᠯᠪᠢᠬᠤ ᠢᠯᠡ ᠲᠣᠳᠣ ᠴᠢᠭ ᠬᠠᠨᠳᠤᠯᠭ᠎ᠠ ᠪᠠ ᠬᠤᠳᠠᠯᠳᠤᠭᠠᠴᠢᠨ ᠢ ᠬᠦᠨᠳᠦᠳᠬᠡᠬᠦ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷ ᠲᠠᠶᠢᠪᠤᠩ ᠠᠵᠢᠯᠯᠠᠭᠤᠯᠬᠤ᠂ ᠬᠤᠳᠠᠯᠳᠤᠭᠠᠴᠢᠨ ᠳᠤ ᠲᠥᠬᠦᠮ ᠦᠵᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ᠂ ᠪᠣᠰᠣᠳ ᠭᠠᠵᠠᠷ ᠣᠷᠣᠨ ᠢ ᠲᠦᠷᠭᠡᠨ ᠵᠣᠷᠢᠭᠲᠠᠢ ᠳᠠᠪᠠᠵᠤ ᠭᠠᠷᠬᠤ ᠶᠢᠨ ᠬᠦᠴᠦᠲᠡᠶ ᠲᠤᠯᠭᠠᠭᠤᠷᠢᠯᠠᠯ ᠬᠠᠩᠭᠠᠨ᠎ᠠ︾ ᠭᠡᠵᠦ ᠯᠢ ᠵᠢᠶᠦ᠋ᠨ ᠳᠠᠷᠤᠭ᠎ᠠ ᠬᠡᠯᠡᠪᠡ᠃ 
 
ᠢᠷᠡᠯᠲᠡ᠄ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号