12 ᠰᠠᠷ᠎ᠠ ᠶᠢᠨ 21 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠷᠢᠯᠭ᠎ᠠ ᠪᠠᠷ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠤᠷᠤᠰ ᠤᠨ | ᠨᠢᠭᠡᠳᠦᠭᠰᠡᠨ ᠤᠷᠤᠰ ᠨᠠᠮ ᠤᠨ ᠲᠡᠷᠢᠭᠦᠯᠡᠭᠴᠢ ᠮᠧᠶᠢᠳ᠋ᠸᠧᠢᠵᠢᠶᠧᠹ ᠲᠠᠢ ᠠᠭᠤᠯᠵᠠᠪᠠ᠃ | ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠳᠤ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ | ᠳᠡᠪᠰᠢᠭᠦᠯᠵᠦ ᠪᠠᠶᠢᠬᠤ ᠶᠢ ᠳᠠᠮᠵᠢᠭᠤᠯᠬᠤ ᠪᠣᠯᠪᠠᠤ ᠭᠡᠵᠦ ᠮᠧᠶᠢᠳ᠋ᠸᠧᠢᠵᠢᠶᠧᠹ ᠲᠤ ᠨᠠᠶᠢᠳᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠭᠤᠣᠯ ᠡᠭᠦᠷᠭᠡ ᠶᠢ ᠲᠣᠳᠣᠷᠬᠠᠶᠢᠯᠠᠪᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠪᠥᠭᠡᠳ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯ | ᠴᠡᠴᠡᠭᠯᠡᠯ ᠳᠤ ᠨᠡᠩ ᠤᠯᠠᠨ ᠠᠵᠠ ᠲᠣᠭᠢᠶᠠᠯ ᠬᠠᠩᠭᠠᠬᠤ ᠳᠤ ᠵᠣᠷᠢᠭ ᠲᠡᠭᠦᠯᠳᠡᠷ᠂ ᠢᠲᠡᠭᠡᠯ ᠳᠦᠭᠦᠷᠡᠩ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠨᠢᠭᠡᠳᠦᠭᠰᠡᠨ ᠣᠷᠣᠰ ᠨᠠᠮ ᠣᠷᠳᠣ ᠬᠤᠭᠤᠴᠠᠭ᠎ᠠ ᠪᠠᠷ | ᠲᠣᠭᠲᠠᠴᠠ ᠶᠢᠨ ᠴᠢᠨᠠᠷᠲᠠᠢ ᠶᠠᠪᠤᠯᠴᠠᠭ᠎ᠠ ᠥᠷᠨᠢᠭᠦᠯᠵᠦ᠂ ᠳᠤᠮᠳᠠᠳᠤ ᠣᠷᠣᠰ ᠤᠨ ᠤᠯᠤᠰ ᠲᠥᠷᠥ ᠶᠢᠨ | ᠢᠲᠡᠭᠡᠯᠴᠡᠭᠡ ᠶᠢ ᠪᠠᠬᠢᠵᠢᠭᠦᠯᠬᠦ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ᠂ | ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠢᠯᠡᠷᠡᠭᠦᠯᠭᠦ ᠥᠪᠡᠷᠮᠢᠴᠡ ᠠᠷᠭ᠎ᠠ ᠵᠠᠮ ᠪᠠ | ᠲᠠᠪᠴᠠᠩ ᠪᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ | ᠠᠶᠠᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠳᠤᠮᠳᠠᠳᠤ ᠣᠷᠣᠰ ᠤᠨ ᠲᠥᠷᠥ ᠪᠠᠷᠢᠭᠴᠢ | ᠨᠠᠮ ᠤᠨ ᠶᠠᠪᠤᠯᠴᠠᠭ᠎ᠠ ︽ᠭᠤᠷᠪᠠᠳᠠᠭᠢ 10 ᠵᠢᠯ︾ ᠳᠤ ᠣᠷᠣᠵᠤ ᠪᠠᠶᠢᠨ᠎ᠠ᠃ ᠬᠤᠶᠠᠷ ᠨᠠᠮ ᠦᠷᠭᠦᠯᠵᠢᠯᠡᠨ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠲᠣᠭᠤᠷᠢᠨ ᠳᠤ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠶᠢ ᠠᠬᠢᠭᠤᠯᠵᠤ᠂ ᠲᠦᠷᠦ ᠶᠢᠨ ᠨᠠᠮ ᠤᠨ ᠳᠡᠯᠡᠬᠡᠢ ᠳ᠋ᠠᠬᠢᠨ ᠤ ᠤᠯᠠᠨ ᠲᠠᠯᠠᠲᠤ | ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦ ᠪᠠᠷᠢᠭᠴᠢ | ᠨᠠᠮ ᠤᠨ ᠪᠠᠶᠢᠭᠤᠯᠤᠯᠲᠠ ᠶᠢᠨ ᠲᠤᠬᠠᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠳᠤᠮᠳᠠᠳᠤ | ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠤ ᠤᠶᠤᠨ | ᠤᠬᠠᠭᠠᠨ ᠪᠠ ᠬᠦᠴᠦᠨ ᠴᠢᠳᠠᠯ ᠡᠷᠭᠦᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠥᠩᠭᠡᠷᠡᠭᠰᠡᠨ 10 ᠵᠢᠯ ᠳᠤ᠂ ᠳᠤᠮᠳᠠᠳᠤ ᠤᠷᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ | ᠬᠥᠷᠪᠡᠭᠡᠨ ᠤ ᠰᠢᠯᠭᠠᠯᠲᠠ ᠶᠢ ᠳᠠᠭᠠᠭᠠᠵᠤ᠂ ᠢᠮᠠᠭᠲᠠ ᠡᠷᠡᠭᠦᠯ ᠲᠣᠭᠲᠠᠭᠤᠨ ᠥᠨᠳᠥᠷ ᠲᠦᠪᠰᠢᠨ ᠲᠠᠢ ᠪᠠᠷ | ᠬᠥᠭᠵᠢᠪᠡ᠃ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠣᠯ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ | ᠤᠯᠤᠰ ᠤᠨ ᠪᠠᠶᠢᠳᠠᠯ ᠳᠠᠭᠠᠨ ᠰᠠᠭᠤᠷᠢᠯᠠᠵᠤ ᠭᠠᠷᠭᠠᠭᠰᠠᠨ ᠠᠯᠤᠰ ᠭᠡᠳᠦ ᠶᠢᠨ ᠪᠠᠶᠢᠯᠳᠤᠬᠤ ᠪᠣᠳᠣᠯᠭ᠎ᠠ ᠶᠢᠨ | ᠰᠣᠩᠭᠤᠯᠲᠠ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠬᠠᠮᠲᠤ ᠪᠠᠷ ᠰᠢᠨ᠎ᠡ ᠴᠠᠭ | ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠲᠠᠰᠤᠷᠠᠯᠳᠠ ᠦᠭᠡᠢ ᠠᠬᠢᠭᠤᠯᠵᠤ᠂ ᠪᠦᠭᠦ ᠪᠥᠮᠪᠥᠷᠴᠡᠭ ᠤᠨ | ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠭᠦᠭᠵᠢᠭᠦ ᠶᠢ ᠬᠠᠮᠲᠤ ᠪᠠᠷ ᠠᠬᠢᠭᠤᠯᠤᠨ᠎ᠠ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠠᠰᠠᠭᠤᠳᠠᠯ ᠳᠡᠭᠡᠷ᠎ᠡ᠂ ᠳᠤᠮᠳᠠᠳᠤ ᠤᠯᠤᠰ ᠢᠮᠠᠭᠲᠠ ᠤᠴᠢᠷ | ᠶᠠᠪᠤᠳᠠᠯ ᠤᠨ ᠲᠤᠰ ᠪᠡᠶ᠎ᠡ ᠶᠢᠨ ᠬᠢᠨᠢ ᠵᠥᠪ ᠪᠤᠷᠤᠭᠤ ᠶᠢ ᠦᠨᠳᠦᠰᠦᠯᠡᠵᠦ ᠥᠪᠡᠷ ᠤᠨ ᠵᠣᠭᠰᠣᠯᠲᠠ ᠪᠣᠯᠣᠨ | ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠵᠤ᠂ | ᠢᠳᠡᠪᠬᠢᠲᠡᠢ ᠪᠠᠷ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠪᠠ᠃ ᠬᠤᠯᠪᠣᠭᠳᠠᠯ ᠪᠦᠬᠦᠢ ᠡᠯ᠎ᠡ | ᠲᠠᠯ᠎ᠠ ᠶᠢᠨ ᠬᠢᠨ ᠤᠬᠠᠭᠠᠯᠢᠭ ᠬᠦᠯᠢᠴᠡᠩᠭᠦᠢ ᠪᠠᠶᠢᠵᠤ᠂ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠵᠦ᠂ ᠤᠯᠤᠰ | ᠲᠦᠷᠦ ᠶᠢᠨ ᠠᠷᠭ᠎ᠠ ᠭᠡᠯᠪᠡᠷᠢ ᠪᠠᠷ ᠠᠮᠤᠷ ᠲᠦᠪᠰᠢᠨ ᠤ ᠬᠦᠷᠢᠶᠡᠨ ᠳᠠᠬᠢ ᠬᠠᠮᠲᠤ ᠪᠠᠷ ᠠᠩᠬᠠᠷᠴᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠢ᠃ | ᠮᠧᠶᠢᠳ᠋ᠸᠧᠢᠵᠢᠶᠧᠹ ᠡᠩ ᠲᠡᠷᠢᠭᠦᠨ ᠳᠤ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ | ᠢᠯᠡᠭᠡᠭᠰᠡᠨ ᠨᠡᠷ᠎ᠡ ᠬᠠᠲᠠᠭᠰᠠᠨ ᠵᠠᠬᠢᠳᠠᠯ ᠢ ᠳᠠᠮᠵᠢᠭᠤᠯᠵᠤ᠂ ᠫᠦᠲ᠋ᠢᠨ ᠤ ᠰᠢ ᠶᠢᠨ ᠫᠢᠩ ᠳᠤ ᠳᠡᠪᠰᠢᠭᠦᠯᠦᠭᠰᠡᠨ | ᠨᠥᠭᠦᠷᠰᠡᠭ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃ ᠮᠧᠶᠢᠳ᠋ᠸᠧᠢᠵᠢᠶᠧᠹ ᠰᠢ ᠶᠢᠨ | ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ | ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠶᠡᠭᠡ ᠬᠤᠷᠠᠯ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠣᠭᠰᠠᠨ ᠳᠤ ᠪᠠᠶᠠᠷ ᠬᠦᠷᠭᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠢ ᠤᠳᠤᠷᠢᠳᠤᠨ ᠨᠡᠩ ᠶᠡᠭᠡ ᠬᠥᠭᠵᠢᠯᠲᠡ ᠣᠯᠵᠤ 14 | ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠢᠶᠠᠷ ᠪᠠᠷᠠᠬᠤ ᠦᠭᠡᠢ᠂ ᠪᠦᠭᠦ | ᠳᠡᠯᠡᠬᠡᠢ ᠳᠤ ᠴᠦ ᠭᠦᠨ ᠭᠦᠨᠵᠡᠭᠡᠢ ᠤᠳᠬ᠎ᠠ ᠠᠭᠤᠯᠭ᠎ᠠ ᠲᠠᠢ ᠶᠤᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠦᠲᠦᠮᠵᠢᠲᠡᠢ | ᠨᠠᠶᠢᠳᠠᠪᠤᠷᠢᠵᠢᠭᠤᠯᠤᠭᠳᠠᠬᠤ ᠶᠢ ᠢᠲᠡᠭᠡᠵᠦ ᠪᠠᠶᠢᠨ᠎ᠠ᠃ ᠨᠢᠭᠡᠳᠦᠭᠰᠡᠨ ᠤᠷᠤᠰ ᠨᠠᠮ ᠪᠣᠯᠣᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠠᠮᠲᠤᠷᠠᠯᠴᠠᠭ᠎ᠠ ᠪᠣᠯ ᠤᠷᠤᠰ ᠳᠤᠮᠳᠠᠳᠤ ᠶᠢᠨ ᠬᠤᠶᠠᠷ ᠤᠯᠤᠰ ᠤᠨ ᠬᠠᠷᠢᠯᠴᠠᠭᠠᠨ ᠤ ᠴᠢᠬᠤᠯᠠ | ᠪᠦᠷᠢᠯᠳᠦᠭᠦᠨ ᠬᠡᠰᠡᠭ ᠮᠥᠨ᠃ ᠣᠶᠢᠷ᠎ᠠ ᠶᠢᠨ ᠵᠢᠯ ᠠᠴᠠ ᠬᠤᠶᠠᠷ ᠨᠠᠮ ᠤᠨ ᠬᠠᠷᠢᠯᠴᠠᠭ᠎ᠠ ᠥᠨᠳᠥᠷ ᠲᠦᠪᠰᠢᠨ | ᠪᠦᠬᠦᠢ ᠬᠥᠭᠵᠢᠯᠲᠡ ᠪᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ | ᠥᠷᠨᠢᠭᠦᠯᠪᠡ᠃ ᠨᠢᠭᠡᠳᠦᠭᠰᠡᠨ ᠤᠷᠤᠰ ᠨᠠᠮ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ | ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠢᠳᠡᠪᠬᠢᠲᠡᠢ ᠠᠬᠢᠭᠤᠯᠵᠤ᠂ ᠭᠠᠳᠠᠭᠠᠳᠤ ᠶᠢᠨ ᠡᠯ᠎ᠡ ᠵᠦᠢᠯ ᠤᠨ ᠳᠠᠷᠤᠯᠲᠠ ᠪᠣᠯᠣᠨ ᠭᠤᠣᠯᠴᠢ ᠪᠤᠰᠤ ᠠᠷᠭ᠎ᠠ | ᠬᠡᠮᠵᠢᠶ᠎ᠡ ᠶᠢ ᠬᠠᠮᠲᠤ ᠪᠠᠷ ᠡᠰᠡᠷᠭᠦᠴᠡᠵᠦ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ | ᠦᠺᠷᠠᠶᠢᠨ ᠤ ᠬᠢᠮᠤᠷᠠᠯ ᠭᠠᠷᠤᠭᠰᠠᠨ ᠨᠢ ᠮᠠᠰᠢ ᠪᠤᠳᠤᠯᠢᠶᠠᠨᠲᠠᠢ ᠰᠢᠯᠲᠠᠭᠠᠨ ᠲᠠᠢ ᠶᠤᠮ᠂ ᠣᠷᠣᠰ ᠳᠤᠷᠠᠲᠠᠶ᠎ᠠ | ᠨᠠᠶᠢᠷᠠᠮᠳᠠᠯ ᠤᠨ ᠬᠡᠯᠡᠯᠴᠡᠭᠡ ᠪᠠᠷ ᠳᠠᠮᠵᠢᠨ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ ᠭᠡᠵᠦ ᠢᠯᠡᠳᠬᠡᠵᠡᠢ᠃ | | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠪᠤᠰᠤᠳ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ | |