ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠲᠢᠩᠬᠢᠮ ᠤᠨ ᠳᠠᠷᠤᠭ᠎ᠠ ᠪᠡᠶ᠎ᠡ ᠪᠠᠷ ᠢᠶᠠᠨ ᠠᠵᠢᠯ ᠤᠨ ᠶᠠᠪᠤᠴᠠ ᠭᠦᠢᠴᠡᠳᠬᠡᠬᠦ︾ ᠶᠢ ᠬᠡᠷᠡᠭᠵᠢᠭᠦᠯᠵᠦ᠂ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠠᠢ
ᠨᠡᠶᠢᠲᠡᠯᠡᠭᠰᠡᠨ ᠴᠠᠭ᠄
2022/12/24
    ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ︽ ᠨᠢᠭᠡᠳᠦᠭᠡᠷ ᠭᠠᠷ ︾  ᠶᠢᠨ ᠢᠨᠵᠧᠨᠧᠷᠢᠩ ᠪᠣᠯᠭᠠᠨ ᠲᠤᠰᠬᠠᠶ ᠠᠵᠢᠯᠯᠠᠭ᠎ᠠ ᠶᠢ ᠥᠨᠳᠥᠷ ᠪᠠᠷᠢᠮᠵᠢᠶᠠᠯᠠᠨ ᠂ ᠴᠢᠩᠭ᠎ᠠ ᠱᠠᠭᠠᠷᠳᠠᠵᠤ ᠂ ᠥᠨᠳᠥᠷ ᠲᠦᠪᠰᠢᠨ ᠢᠶᠠᠷ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃   ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠬᠤᠷᠠᠯ ᠬᠤᠷᠠᠯᠳᠤᠭᠤᠯᠤᠨ ᠰᠤᠳᠤᠯᠤᠨ ᠪᠠᠶᠢᠷᠢᠯᠠᠭᠤᠯᠵᠤ᠂ ︽ᠬᠤᠳᠠᠯᠳᠤᠭᠠᠨ ᠤ ᠶᠠᠪᠤᠳᠠᠯ ᠠᠷᠠᠳ ᠤᠨ ᠲᠥᠯᠥᠭᠡ︾ ᠣᠶᠢᠯᠠᠭᠠᠭᠳᠠᠬᠤᠨ ᠢ ᠦᠶᠯᠡᠳᠦᠯᠭᠡᠵᠢᠭᠦᠯᠪᠡ᠃ ︽ᠲᠢᠩᠬᠢᠮ ᠤᠨ ᠳᠠᠷᠤᠭ᠎ᠠ ᠪᠡᠶ᠎ᠡ ᠪᠠᠷ ᠢᠶᠠᠨ ᠠᠵᠢᠯ ᠤᠨ ᠶᠠᠪᠤᠴᠠ ᠭᠦᠢᠴᠡᠳᠬᠡᠬᠦ︾  ᠶᠢ ᠬᠡᠷᠡᠭᠵᠢᠭᠦᠯᠦᠨ᠂ ᠡᠷᠬᠡ ᠶᠢ ᠬᠠᠰᠤᠵᠤ ᠡᠷᠬᠡ ᠶᠢ ᠪᠠᠭᠤᠯᠭᠠᠬᠤ ᠂ ᠮᠠᠲ᠋ᠧᠷᠢᠶᠠᠯ ᠢ ᠴᠣᠮᠬᠠᠳᠬᠠᠬᠤ᠂ ᠶᠠᠪᠤᠴᠠ ᠶᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠣᠭᠤᠨᠢᠰᠬᠠᠬᠤ ᠪᠠᠷ ᠪᠠᠷᠢᠮᠵᠢᠶ᠎ᠠ ᠪᠣᠯᠭᠠᠵᠤ᠂ ︽ ᠬᠤᠶᠠᠷ ᠰᠢᠯᠢᠳᠡᠭ︾ ᠬᠤᠳᠠᠯᠳᠤᠭᠠᠨ ᠤ ᠶᠠᠪᠤᠳᠠᠯ ᠤᠨ ᠨᠠᠷᠠᠲᠤ ᠲᠡᠮᠳᠡᠭ ᠢ ᠪᠣᠶ ᠪᠣᠯᠭᠠᠪᠠ ᠃   22 ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠲᠤ ᠴᠢᠭᠯᠡᠭᠦᠯᠦᠨ᠂ ᠵᠦᠶᠯ ᠳᠠᠷᠠᠭᠠᠯᠠᠨ ︽ ᠨᠢᠭᠡ ᠶᠢ ᠪᠠᠭᠤᠯᠭᠠᠬᠤ ᠭᠤᠷᠪᠠ ᠶᠢ ᠬᠥᠩᠭᠡᠯᠡᠬᠦ︾ ᠠᠷᠭ᠎ᠠ ᠬᠡᠮᠵᠢᠶ᠎ᠡ ᠶᠢ ᠰᠤᠳᠤᠯᠪᠠ᠃ ᠰᠢᠯᠢᠳᠡᠭᠵᠢᠭᠦᠯᠬᠦ ᠪᠠᠷ ᠳᠡᠮᠵᠢᠨ᠂ ︽ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠠᠵᠤ ᠠᠬᠤᠶᠢᠯᠠᠯ ᠡᠷᠭᠢᠯᠡᠬᠦ ᠶᠢ ᠬᠢᠨᠠᠨ ᠵᠥᠪᠰᠢᠶᠡᠷᠡᠬᠦ ᠠᠩᠬᠠᠨ ᠤ ᠬᠢᠨᠠᠯᠲᠠ︾  ᠶᠢ ᠬᠦᠴᠦᠨ ᠥᠬᠡᠶ ᠪᠣᠯᠭᠠᠪᠠ ︔ ︽ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠬᠢᠷᠢ ᠬᠡᠮ ᠢ ᠦᠨᠡᠮᠰᠢᠬᠦ︾ ᠵᠡᠷᠭᠡ 7 ᠵᠦᠶᠯ ᠢ ᠠᠶᠢᠮᠠᠭ ᠬᠤᠲᠠ ᠳᠤ ᠪᠠᠭᠤᠯᠭᠠᠵᠤ ᠣᠷᠣᠯᠠᠨ ᠬᠤᠷᠢᠶᠠᠵᠤ ᠣᠷᠣᠯᠠᠨ ᠭᠦᠶᠴᠡᠳᠬᠡᠬᠦ ᠪᠠ ᠣᠷᠣᠯᠠᠨ ᠬᠤᠷᠢᠶᠠᠵᠤ ᠰᠢᠯᠵᠢᠭᠦᠯᠦᠨ ᠭᠦᠶᠴᠡᠳᠬᠡᠬᠦ︔ ︽ ᠦᠨ᠎ᠡ ᠬᠠᠶᠠᠵᠤ ᠬᠤᠳᠠᠯᠳᠤᠬᠤ ᠵᠥᠪᠰᠢᠶᠡᠷᠡᠯ︾  ᠳᠤ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠨᠢ ᠬᠤᠯᠪᠣᠭᠳᠠᠯ ᠪᠦᠬᠦᠢ ᠮᠠᠲ᠋ᠧᠷᠢᠶᠠᠯ  ᠢᠶᠠᠨ ᠲᠤᠰᠢᠶᠠᠬᠤ ᠦᠭᠡᠢ ᠪᠠᠶᠢᠵᠤ ᠪᠣᠯᠤᠨ᠎ᠠ᠂ ︽ ᠠᠮᠠᠯᠠᠯᠲᠠ ᠶᠢᠨ ᠪᠢᠴᠢᠭ︾ ᠲᠡᠷᠡ ᠳᠣᠣᠷ᠎ᠠ  ᠪᠠᠨ ᠵᠥᠪᠰᠢᠶᠡᠷᠡᠯ ᠤᠨ ᠦᠨᠡᠮᠯᠡᠯ ᠠᠪᠴᠤ ᠪᠣᠯᠤᠨ᠎ᠠ ︔ ︽ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠥᠪᠰᠢᠶᠡᠷᠡᠬᠦ︾ ᠵᠡᠷᠭᠡ 3 ᠵᠥᠪᠰᠢᠶᠡᠷᠡᠯ ᠤᠨ ᠵᠦᠶᠯᠡᠰ ᠲᠤ ᠡᠯᠧᠺᠲᠷᠣᠨ ᠭᠡᠷᠡᠴᠢ ᠦᠨᠡᠮᠯᠡᠯ ᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠰᠦᠯᠵᠢᠶᠡᠨ ᠳᠡᠭᠡᠷ᠎ᠡ ᠭᠤᠶᠤᠴᠢᠯᠠᠵᠤ ᠂ ᠲᠤᠭ᠎ᠠ ᠪᠠᠷᠢᠮᠲᠠ ᠶᠢ ᠨᠢᠭᠡ ᠡᠳᠦᠷ ᠲᠤ ᠳᠠᠷᠤᠶ ᠪᠣᠭᠤᠮᠲᠠ ᠳᠤ ᠳᠠᠮᠵᠢᠭᠤᠯᠵᠤ ᠪᠣᠯᠤᠨ᠎ᠠ ︔ 4 ᠵᠦᠶᠯᠡᠰ ᠤᠨ 9 ᠴᠢᠬᠤᠯᠠ ᠨᠥᠬᠦᠴᠡᠯ ᠢ ᠴᠣᠮᠬᠠᠳᠬᠠᠪᠠ ︔ 11 ᠤᠴᠢᠷ ᠶᠠᠪᠤᠳᠠᠯ  ᠤᠨ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠶᠢ 13 ᠪᠠᠭᠠᠰᠬᠠᠪᠠ ︔ 16 ᠤᠴᠢᠷ ᠶᠠᠪᠤᠳᠠᠯ  ᠤᠨ ᠭᠦᠶᠴᠡᠳᠬᠡᠬᠦ ᠴᠠᠭ ᠢ 161 ᠠᠵᠢᠯ ᠤᠨ ᠡᠳᠦᠷ ᠪᠣᠭᠤᠨᠢᠰᠬᠠᠵᠤ᠂ ᠬᠠᠤᠯᠢ ᠪᠠᠷ ᠲᠣᠭᠲᠠᠭᠠᠭᠰᠠᠨ 253 ᠠᠵᠢᠯ ᠤᠨ ᠡᠳᠦᠷ  ᠢ ᠬᠠᠰᠤᠭᠠᠳ 92 ᠠᠵᠢᠯ ᠤᠨ ᠡᠳᠦᠷ ᠪᠣᠯᠭᠠᠪᠠ᠃ ᠡᠭᠦᠨ ᠠᠴᠠ ᠭᠠᠳᠠᠨ᠎ᠠ᠂ 12345 ᠶᠢᠨ ᠳᠠᠭᠠᠵᠤ ᠬᠠᠷᠢᠭᠤᠯᠬᠤ ᠴᠠᠭ ᠢ 5 ᠠᠵᠢᠯᠯᠠᠬᠤ ᠡᠳᠦᠷ ᠪᠠᠶᠢᠭᠰᠠᠨ ᠠᠴᠠ 2 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠤᠨ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠵᠡᠢ ᠃   ᠬᠤᠳᠠᠯᠳᠤᠭᠠᠨ ᠤ ᠶᠠᠪᠤᠳᠠᠯ ᠤᠨ ᠲᠢᠩᠬᠢᠮ ᠦᠷᠭᠦᠯᠵᠢᠯᠡᠨ ᠠᠵᠤ ᠠᠬᠤᠶᠢᠯᠠᠯ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠶᠳᠪᠦᠷᠢᠯᠡᠨ᠂ ︽ ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠳᠤ ︽ ᠠᠵᠢᠯ ᠶᠠᠪᠤᠳᠠᠯ ᠭᠦᠶᠴᠡᠳᠬᠡᠬᠦ ᠳᠤ ᠬᠥᠮᠦᠨ ᠢ ᠭᠤᠶᠣᠬᠤ ᠥᠬᠡᠶ᠂ ᠠᠵᠢᠯ ᠶᠠᠪᠤᠳᠠᠯ ᠭᠦᠶᠴᠡᠳᠬᠡᠬᠦ ᠳᠤ ᠬᠦᠴᠢᠷᠳᠡᠬᠦ ᠥᠬᠡᠶ︾ ᠪᠠᠶᠢᠬᠤ ᠲᠥᠬᠦᠮ ᠨᠥᠬᠦᠴᠡᠯ ᠢ ᠦᠨᠡᠨᠬᠦ ᠣᠶᠢᠯᠠᠭᠤᠯᠪᠠ ᠃                  ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ                       2022ᠣᠨ ᠤ12 ᠳ᠋ᠤᠭᠠᠷ ᠰᠠᠷ᠎ᠠ ᠶᠢᠨ23 ᠤ ᠡᠳᠦᠷ 
 
ᠢᠷᠡᠯᠲᠡ᠄ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号