ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ 2022 ᠣᠨ ᠤ ᠪᠥᠬᠦ ᠣᠷᠣᠨ ᠤ ᠭᠠᠳᠠᠭᠠᠳᠤ ᠳᠤ ᠪᠠᠯᠠ ᠣᠷᠣᠭᠤᠯᠬᠤ ᠪᠠ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢᠨ ᠰᠦᠯᠵᠢᠶᠠᠨ ᠲᠡᠭᠡᠷᠡᠭᠢ ᠪᠣᠯᠪᠠᠰᠣᠷᠠᠭᠤᠯᠣᠯ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2022/12/5
    ᠭᠠᠳᠠᠭᠠᠳᠤ ᠳᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ 12 ᠳ᠋ᠤᠭᠠᠷ ᠰᠠᠷ᠎ᠠ ᠶᠢᠨ 2 ᠤᠨ ᠡᠳᠦᠷ ᠤᠨ ᠰᠦᠯᠵᠢᠶᠡᠨ ᠳᠡᠭᠡᠷ᠎ᠡ ︽2022 ᠣᠨ ᠤ ᠪᠥᠬᠦ ᠣᠷᠣᠨ ᠤ ᠭᠠᠳᠠᠭᠠᠳᠤ ᠳᠤ ᠪᠠᠯᠠ ᠣᠷᠣᠭᠤᠯᠬᠤ ᠪᠠ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠤᠨ ᠠᠩᠭᠢ︾ ᠶᠢ ᠡᠷᠭᠢᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 4 ᠠᠵᠦ ᠠᠬᠤᠶᠢᠯᠠᠯ ᠢ ᠵᠣᠬᠢᠶᠠᠨ ᠪᠠᠶᠢᠭᠤᠯᠵᠦ ᠣᠷᠣᠯᠴᠠᠭᠤᠯᠪᠠ᠃
市商务局组织企业参加2022年全区对外投资与经济合作政策线上培训班.png 
         ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠭᠠᠳᠠᠭᠠᠳᠤ ᠳᠤ ᠵᠣᠷᠢᠭᠤᠯᠤᠭᠰᠠᠨ ᠪᠠᠯᠠ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠲᠦᠷᠢᠮ᠂ ᠬᠢᠯᠢ ᠶᠢᠨ ᠭᠠᠳᠠᠨᠠᠬᠢ ᠰᠢᠭᠤᠳ ᠪᠠᠯᠠ ᠣᠷᠣᠭᠤᠯᠤᠯᠲᠠ ᠶᠢᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠳᠡᠩᠰᠡᠯᠡᠯᠲᠡ ᠶᠢᠨ ᠲᠥᠷᠥ ᠶᠢᠨ ᠪᠣᠳᠣᠯᠭ᠎ᠠ᠂ ᠬᠤᠳᠠᠯᠳᠤᠭᠠᠨ ᠤ ᠪᠠᠩᠬᠢ ᠶᠢᠨ ᠣᠯᠠᠨ ᠤᠯᠤᠰ ᠤᠨ ᠲᠡᠰᠦᠯᠦᠨ ᠪᠤᠳᠤᠯᠲᠠ ᠬᠢᠭᠡᠳ ᠪᠠᠯᠠ ᠲᠣᠬᠢᠷᠠᠭᠤᠯᠭ᠎ᠠ ᠶᠢᠨ ᠪᠦᠳᠦᠭᠡᠭᠳᠡᠬᠦᠨ ᠤ ᠲᠠᠨᠢᠯᠴᠠᠭᠤᠯᠭ᠎ᠠ ᠵᠡᠷᠭᠡ 4 ᠲᠣᠰᠬᠠᠢ ᠰᠡᠳᠣᠪᠳᠣ ᠬᠢᠴᠢᠶᠠᠯ ᠲᠣᠬᠢᠷᠠᠭᠤᠯᠪᠠ᠃ ᠪᠣᠯᠪᠠᠰᠤᠷᠠᠭᠤᠯᠤᠯ ᠳᠤ ᠣᠷᠣᠯᠴᠠᠭᠰᠠᠨ ᠠᠵᠤ ᠠᠬᠤᠶᠢᠯᠠᠯ ᠨᠡᠶᠢᠳᠡᠮ ᠳᠤ ᠪᠠᠨ ᠲᠣᠰᠬᠠᠭᠰᠠᠨ ᠨᠢ᠂ ᠪᠣᠯᠪᠠᠰᠤᠷᠠᠭᠤᠯᠤᠯ ᠤᠨ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠠᠵᠤ ᠠᠬᠤᠶᠢᠯᠠᠯ ᠤᠨ ᠭᠠᠳᠠᠭᠠᠳᠤ ᠳᠤ ᠪᠠᠯᠠ ᠣᠷᠣᠭᠤᠯᠬᠤ ᠵᠦᠢᠯᠡᠰ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ ᠪᠠᠳᠣ ᠴᠢᠩᠭ᠎ᠠ ᠵᠢᠯᠣᠭᠤᠳᠣᠯᠭ᠎ᠠ ᠬᠠᠩᠭᠠᠪᠠ᠃     ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠶ ᠪᠠᠷ ᠭᠥᠯᠢᠶᠡᠨ ᠠᠪᠴᠤ᠂ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠤᠨ ᠮᠡᠳᠡᠭᠡ ᠵᠠᠩᠭᠢ ᠤᠯᠬᠤ ᠠᠷᠭ᠎ᠠ ᠵᠠᠮ ᠢ ᠥᠷᠭᠡᠳᠬᠡᠨ᠂ ᠮᠡᠳᠡᠭᠡ ᠵᠠᠩᠭᠢ ᠬᠠᠩᠭᠠᠬᠤ ᠲᠣᠤᠷ ᠰᠦᠯᠵᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠳᠤ ᠣᠯᠠᠨ ᠣᠷᠣᠨ ᠪᠠᠶᠢᠷᠢ᠂ ᠪᠥᠬᠦ ᠶᠠᠪᠤᠴᠠ ᠶᠢᠨ ᠭᠠᠳᠠᠭᠠᠳᠤ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠵᠤ᠂ ᠠᠵᠤ ᠠᠬᠤᠶᠢᠯᠠᠯ ᠤᠨ ᠭᠠᠳᠠᠭᠠᠳᠤ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ 
 
ᠢᠷᠡᠯᠲᠡ᠄ ᠬᠥᠯᠥᠨ ᠪᠤᠶᠢᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号