ᠮᠠᠨ ᠤ ᠤᠯᠤᠰ ︽832 ᠲᠠᠪᠴᠠᠩ︾ ᠳᠤ ᠲᠦᠰᠢᠭᠯᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠢ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠭᠦᠨᠵᠡᠭᠡᠶ ᠠᠬᠢᠭᠤᠯᠬᠤ ᠪᠠᠷ ᠪᠠᠶᠢᠨ᠎ᠡ
ᠨᠡᠶᠢᠲᠡᠯᠡᠭᠰᠡᠨ ᠴᠠᠭ᠄
2022/12/8
   ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠱᠧᠨ ᠴᠧᠩ︶ ᠰᠤᠷᠪᠤᠯᠵᠢᠯᠠᠭᠴᠢ 5 ᠤ ᠡᠳᠦᠷ ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠨᠢ᠂ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠲᠦᠷᠦᠭᠦᠬᠡᠨ ᠬᠠᠮᠲᠤᠷᠠᠨ ᠮᠡᠳᠡᠭᠳᠡᠯ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠢ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠦᠯᠵᠢᠶᠡᠨ ᠤ ᠪᠣᠷᠣᠯᠠᠭᠤᠯᠭ᠎ᠠ ᠶᠢᠨ ᠲᠠᠪᠴᠠᠩ ︵︽832 ᠲᠠᠪᠴᠠᠩ︾︶ ᠳᠤ ᠲᠦᠰᠢᠭᠯᠡᠨ᠂ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠢ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠶᠢ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠲᠠᠨᠢᠯᠴᠠᠭᠤᠯᠤᠭᠰᠠᠨ ᠢᠶᠠᠷ᠂ ︽832 ᠲᠠᠪᠴᠠᠩ︾ ᠪᠣᠯ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠳᠤᠮᠳᠠᠳᠤ ᠶᠢᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠳᠥᠷᠪᠡᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠪᠥᠲᠥᠭᠡᠨ ᠪᠠᠶᠢᠭᠤᠯᠵᠤ ᠡᠵᠡᠩᠨᠡᠭᠰᠡᠨ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠦᠯᠵᠢᠶᠡᠨ ᠤ ᠪᠣᠷᠣᠯᠠᠭᠤᠯᠭ᠎ᠠ ᠶᠢᠨ ᠲᠠᠪᠴᠠᠩ ᠪᠣᠯᠤᠨ᠎ᠠ᠃ 2020 ᠣᠨ ᠤ 1 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠰᠦᠯᠵᠢᠶᠡᠨ ᠳᠤ ᠭᠠᠷᠴᠤ ᠠᠵᠢᠯᠯᠠᠭᠰᠠᠨ ᠠᠴᠠ ᠨᠠᠭᠠᠰᠢ᠂ ᠬᠠᠪᠰᠤᠷᠤᠨ ᠲᠡᠳᠬᠦᠬᠦ ᠰᠢᠨᠵᠢ ᠴᠢᠨᠠᠷ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠢᠮᠠᠭᠲᠠ ᠪᠠᠷᠢᠮᠲᠠᠯᠠᠭᠰᠠᠭᠠᠷ ᠢᠷᠡᠵᠡᠶ᠃ ᠡᠨᠡ ᠵᠢᠯ ᠤᠨ 10 ᠰᠠᠷ᠎ᠠ ᠶᠢᠨ 31 ᠤ ᠡᠳᠦᠷ ᠪᠣᠯᠲᠠᠯ᠎ᠠ᠂ ︽832 ᠲᠠᠪᠴᠠᠩ︾ ᠤᠨ ᠪᠣᠷᠣᠯᠠᠭᠤᠯᠭ᠎ᠠ ᠶᠢᠨ ᠬᠡᠮᠵᠢᠶ᠎ᠡ ᠨᠡᠶᠢᠳᠡ 300 ᠳ᠋ᠦᠩᠰᠢᠭᠤᠷ ᠲᠥᠭᠦᠷᠢᠭ ᠢ ᠳᠠᠪᠠᠵᠤ᠂ 832 ᠶᠠᠳᠠᠭᠤ ᠠᠴᠠ ᠠᠩᠭᠢᠵᠢᠷᠠᠭᠰᠠᠨ ᠰᠢᠶᠠᠨ ᠤ 300 ᠲᠦᠮᠡ ᠰᠢᠬᠠᠮ ᠲᠠᠷᠢᠶᠠᠴᠢᠨ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠦᠷ᠎ᠡ ᠪᠦᠳᠦᠮᠵᠢ ᠪᠠᠨ ᠪᠠᠲᠤᠳᠬᠠᠬᠤ ᠶᠢ ᠠᠬᠢᠭᠤᠯᠪᠠ᠃    ᠮᠡᠳᠡᠭᠳᠡᠯ ᠳᠤ᠂ ᠶᠠᠳᠠᠭᠤ ᠠᠴᠠ ᠠᠩᠭᠢᠵᠢᠷᠠᠭᠤᠯᠬᠤ ᠰᠢᠶᠠᠨ ᠳᠤ ︽ᠪᠡᠶᠡᠴᠢ ᠴᠣᠭᠴᠠ ᠨᠢ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠰᠢᠶᠠᠨ ᠤ ᠱᠠᠲᠤᠨ ᠤ ᠰᠠᠯᠠᠭ᠎ᠠ ᠮᠥᠴᠢᠷ ᠠᠴᠠ ᠲᠠᠨᠢᠯᠴᠠᠭᠤᠯᠬᠤ᠂ ᠲᠠᠪᠴᠠᠩ ᠢᠶᠠᠷ ᠬᠢᠨᠠᠨ ᠬᠠᠷᠭᠤᠭᠤᠯᠬᠤ︾ ︽832 ᠲᠠᠪᠴᠠᠩ︾ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠬᠢᠨᠠᠨ ᠬᠠᠷᠭᠤᠭᠤᠯᠵᠤ ᠲᠠᠨᠢᠯᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠶᠠᠨ ᠤ ᠱᠠᠲᠤᠨ ᠤ ᠡᠳ᠋ ᠤᠨ ᠵᠠᠰᠠᠭ᠂ ᠲᠠᠷᠢᠶᠠᠯᠠᠩ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠬᠠᠩᠭᠠᠯᠭ᠎ᠠ ᠶᠢᠨ ᠬᠤᠳᠠᠯᠳᠤᠭᠠᠴᠢᠨ ᠪᠠ ᠦᠢᠯᠡᠳᠬᠦᠨ ᠤ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ︽832 ᠲᠠᠪᠴᠠᠩ︾ ᠳᠤ ᠪᠣᠷᠣᠯᠠᠭᠤᠯᠬᠤ ᠦᠢᠯᠡᠳᠬᠦᠨ ᠤ ᠶᠠᠰᠤ ᠴᠢᠨᠠᠷ᠂ ᠪᠣᠷᠣᠯᠠᠭᠤᠯᠬᠤ ᠦᠨ᠎ᠡ᠂ ᠦᠢᠯᠡᠳᠪᠦᠷᠢᠯᠡᠭᠰᠡᠨ ᠭᠠᠵᠠᠷ ᠤᠨ ᠦᠨᠡᠨ ᠪᠣᠳᠠᠲᠤ ᠴᠢᠨᠠᠷ᠂ ᠪᠣᠷᠣᠯᠠᠭᠤᠯᠤᠭᠰᠠᠨ ᠬᠡᠮᠵᠢᠶ᠎ᠡ ᠵᠡᠷᠭᠡ ᠲᠠᠯ᠎ᠠ ᠪᠠᠷ ᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠮᠡᠳᠡᠭᠳᠡᠯ ᠳᠤ᠂ ᠦᠨ᠎ᠡ ᠬᠠᠩᠰᠢ᠂ ᠶᠠᠰᠤ ᠴᠢᠨᠠᠷ ᠤᠨ ᠬᠢᠨᠠᠨ ᠬᠡᠮᠵᠢᠯᠲᠡ ᠪᠠ ᠬᠡᠷᠡᠭᠯᠡᠭᠴᠢ ᠶᠢᠨ ᠦᠨᠡᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠮᠡᠳᠡᠭᠳᠡᠯ ᠢ ᠦᠨᠳᠦᠰᠦᠯᠡᠪᠡᠯ᠂ ᠳᠥᠷᠪᠡᠨ ᠰᠠᠯᠠᠭ᠎ᠠ ᠮᠥᠴᠢᠷ ︽832 ᠲᠠᠪᠴᠠᠩ︾ ᠤᠨ ᠬᠢᠨᠠᠯᠲᠠ ᠵᠢᠯᠣᠭᠤᠳᠣᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠤᠨ ᠣᠷᠣᠯᠴᠠᠬᠤ ᠢᠳᠡᠪᠬᠢᠵᠢᠯ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃ ᠬᠠᠪᠰᠤᠷᠤᠨ ᠲᠡᠳᠬᠦᠬᠦ ᠡᠭᠦᠷᠭᠡ ᠶᠢ ᠡᠭᠦᠷᠭᠡᠯᠡᠭᠰᠡᠨ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ︽832 ᠲᠠᠪᠴᠠᠩ︾ ᠢᠶᠠᠷ ᠳᠡᠮᠵᠢᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠢ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠶᠢ ᠵᠣᠷᠢᠭᠵᠢᠭᠤᠯᠬᠤ ᠪᠣᠯᠣᠨ᠎ᠠ᠃ 
 
ᠢᠷᠡᠯᠲᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号