︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ 2022 ᠣᠨ ᠤ ᠠᠵᠢᠯᠯᠠᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2022/4/28
    ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠬᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ  ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠬᠤ ᠶᠢᠨ ᠲᠤᠰᠠᠳᠠ᠂ 4 ᠳ᠋ᠣᠭᠡᠷ ᠰᠠᠷ᠎ᠠ ᠶᠢᠨ 6 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ 2022 ᠣᠨ ᠤ ᠠᠵᠢᠯᠯᠠᠭ᠎ᠠ ᠶᠢᠨ ᠲᠥᠰᠦᠯ︾ ︵ᠳᠣᠷᠣᠭᠰᠢ ︽ᠠᠵᠢᠯᠯᠠᠭ᠎ᠠ ᠶᠢᠨ ᠲᠥᠰᠦᠯ︾ ᠭᠡᠵᠦ ᠨᠡᠷᠡᠶᠢᠳᠦᠨ᠎ᠡ︶ ᠢ ᠪᠠᠭᠲᠠᠭᠠᠭᠰᠠᠨ ᠣᠯᠠᠨ ᠰᠢᠷᠢᠰ ᠲᠥᠰᠦᠯ ᠢ ᠳᠠᠷᠤᠮᠠᠯᠯᠠᠨ ᠲᠠᠷᠬᠠᠭᠠᠵᠤ᠂ ᠡᠳᠦᠭᠡ ︽ᠠᠵᠢᠯᠯᠠᠭ᠎ᠠ ᠶᠢᠨ ᠲᠥᠰᠦᠯ︾ ᠳᠤ ᠲᠠᠶᠢᠯᠤᠮᠵᠢ ᠬᠢᠪᠠ᠃       ᠨᠡᠶᠢᠲᠡᠯᠡᠭᠰᠡᠨ ᠠᠬᠤᠶ ᠪᠠᠶᠢᠳᠠᠯ       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠡᠷᠡᠭᠯᠡᠭᠡ ᠶᠢ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠶᠢᠷ᠎ᠠ ᠶᠢᠨ ᠵᠢᠯ ᠤᠳ ᠲᠤ ᠬᠡᠷᠡᠭᠯᠡᠭᠡ ᠶᠢ ᠠᠬᠢᠭᠤᠯᠬᠤ ᠠᠯᠢ ᠣᠯᠠᠨ ᠬᠠᠨᠳᠤᠯᠭᠠᠲᠤ ᠴᠢᠨᠠᠷᠲᠠᠶ ᠲᠥᠷᠥ ᠶᠢᠨ ᠪᠣᠳᠣᠯᠭ᠎ᠠ ᠶᠢᠨ ᠪᠢᠴᠢᠭ ᠢᠯᠠᠩᠭᠤᠶ᠎ᠠ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠬᠡᠷᠡᠭᠯᠡᠭᠡ ᠶᠢ ᠥᠷᠭᠡᠳᠬᠡᠬᠦ ᠨᠢ ᠠᠭᠠᠵᠢᠮ ᠢᠶᠠᠷ ᠬᠢᠵᠢᠭ ᠤᠨ ᠪᠠᠶᠢᠳᠠᠯ ᠢ ᠨᠥᠯᠥᠭᠡᠯᠡᠬᠦ ᠴᠢᠬᠤᠯᠠ ᠬᠦᠴᠦᠯᠡᠬᠦ ᠴᠡᠭ ᠪᠣᠯᠵᠣ ᠪᠠᠶᠢᠨ᠎ᠠ᠃ ᠬᠡᠷᠡᠭᠯᠡᠭᠡ ᠶᠢ ᠠᠬᠢᠭᠤᠯᠬᠤ ᠲᠣᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ  ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠮᠠᠨ ᠤ ᠣᠷᠣᠨ ᠤ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠬᠡᠷᠡᠭᠯᠡᠭᠡ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠢ ᠲᠦᠷᠭᠡᠳᠬᠡᠨ ᠪᠤᠶᠢᠵᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠵᠦ᠂ ᠤᠯᠤᠰ ᠤᠨ ᠳᠣᠲᠣᠭᠠᠳᠤ ᠪᠣᠯᠣᠨ ᠲᠡᠯᠡᠭᠡᠢ ᠵᠢᠨ‌ᠵᠠᠬ᠎ᠠ ᠳᠡᠯᠭᠡᠭᠦᠷ ᠤᠨ ᠬᠤᠣᠰ ᠡᠷᠬᠢᠯᠳᠡᠳᠦ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠲᠦᠷᠭᠡᠨ ᠠᠭᠤᠰᠤᠯᠴᠠᠭᠤᠯᠬᠤ ᠶᠢᠨ ᠲᠥᠯᠥᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ 2022 ᠣᠨ ᠤ ᠠᠵᠢᠯᠯᠠᠭ᠎ᠠ ᠶᠢᠨ ᠲᠥᠰᠦᠯ︾ ᠢ ᠣᠨᠴᠠᠭᠠᠶᠢᠯᠠᠨ ᠲᠣᠭᠲᠠᠭᠠᠪᠠ᠃       ᠭᠤᠣᠯ ᠠᠭᠤᠯᠭ᠎ᠠ       ︽ᠠᠵᠢᠯᠯᠠᠭ᠎ᠠ ᠶᠢᠨ ᠲᠥᠰᠦᠯ︾ ᠳᠤ ᠭᠤᠷᠪᠠᠨ ᠬᠡᠰᠡᠭ ᠪᠠᠭᠲᠠᠨ᠎ᠠ᠃      ᠨᠢᠭᠡᠳᠦᠭᠡᠷ ᠬᠡᠰᠡᠭ ᠲᠤ ᠠᠵᠢᠯ ᠤᠨ ᠬᠠᠷᠠᠯᠲᠠ ᠶᠢ ᠳᠤᠷᠠᠳᠴᠤ᠂ 2022 ᠣᠨ ᠳᠤ ᠪᠥᠬᠦ ᠣᠷᠣᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 5000 ᠲᠠᠯᠠᠪᠠᠶ ᠠᠴᠠ ᠳᠡᠭᠡᠭᠰᠢ ᠵᠣᠬᠢᠶᠠᠨ ᠪᠠᠶᠢᠭᠤᠯᠤᠨ ᠡᠷᠭᠢᠯᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠡᠭᠡᠭᠦᠷ ᠪᠠᠶᠢᠯᠭᠠᠬᠤ ᠪᠠᠷ ᠴᠢᠷᠮᠠᠶᠢᠵᠤ᠂ ᠰᠦᠯᠵᠢᠶᠡᠨ ᠳᠡᠭᠡᠷᠡᠬᠢ ᠵᠢᠵᠢᠭᠯᠡᠨ ᠬᠤᠳᠠᠯᠳᠤᠬᠤ ᠲᠤᠭ᠎ᠠ ᠶᠢ 10% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃       ᠬᠤᠶᠠᠳᠤᠭᠠᠷ ᠬᠡᠰᠡᠭ ᠲᠤ ᠭᠤᠤᠯᠳᠠᠯᠭ᠎ᠠ ᠲᠠᠢ ᠡᠭᠦᠷᠭᠡ ᠪᠣᠯᠣᠨ᠎ᠠ᠂ ᠲᠤᠯᠤᠭᠠᠨ ᠲᠠᠯ᠎ᠠ ᠶᠢᠨ 27 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠦ᠂ ᠡᠨᠡ ᠨᠢ ᠤᠯᠠᠮᠵᠢᠯᠠᠯᠲᠤ ᠬᠡᠷᠡᠭᠯᠡᠭᠡ᠂ ᠰᠢᠨ᠎ᠡ ᠬᠡᠯᠪᠡᠷᠢ ᠶᠢᠨ ᠬᠡᠷᠡᠭᠯᠡᠭᠡ᠂ ᠪᠣᠬᠢᠷᠲᠤᠯ ᠥᠬᠡᠶ ᠬᠡᠷᠡᠭᠯᠡᠭᠡ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠬᠤᠲᠠ ᠬᠥᠳᠡᠭᠡ ᠶᠢᠨ ᠬᠡᠷᠡᠭᠯᠡᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠨ᠎ᠠ᠃ ᠪᠣᠳᠠᠲᠠᠶ ᠪᠠᠷ ᠦᠵᠡᠪᠡᠯ᠂ ᠨᠢᠭᠡ ᠳᠤ ᠢᠳᠡᠭᠡᠨ ᠤᠮᠳᠠᠭᠠᠨ᠂ ᠬᠡᠷ ᠤᠨ ᠠᠳᠠᠯ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠠᠭᠤᠴᠢᠷᠬᠠᠰᠠᠨ ᠮᠠᠰᠢᠨᠲᠤ ᠲᠡᠷᠭᠡ ᠶᠢ ᠰᠢᠭᠰᠢᠭᠳᠡᠭᠦᠯᠵᠦ ᠰᠢᠨᠡᠳᠬᠡᠬᠦ ᠶᠢ ᠲᠦᠷᠭᠡᠳᠬᠡᠬᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠳᠤ ᠲᠥᠬᠦᠮ ᠦᠵᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠣᠷᠣᠨ ᠤ ᠤᠯᠠᠮᠵᠢᠯᠠᠯᠲᠤ ᠬᠡᠷᠡᠭᠯᠡᠭᠡ ᠶᠢ ᠥᠷᠭᠡᠳᠬᠡᠨ᠎ᠡ᠃ ᠪᠢᠳᠡ ᠮᠠᠰᠢᠨ ᠲᠡᠷᠭᠡ᠂ ᠠᠮᠢᠳᠤᠷᠠᠯ ᠤᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠡᠷᠡᠭᠯᠡᠭᠡᠨ ᠤ ᠴᠢᠳᠠᠪᠤᠷᠢ ᠶᠢᠨ ᠲᠡᠰ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠬᠤᠶᠠᠷ ᠲᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠢᠰᠲ᠋ᠧᠮᠵᠢ ᠶᠢ ᠪᠤᠶᠢᠵᠢᠭᠤᠯᠬᠤ᠂ ᠰᠦᠯᠵᠢᠶᠡᠨ ᠤ ᠬᠡᠷᠡᠭᠯᠡᠭᠡ ᠶᠢ ᠪᠤᠶᠢᠵᠢᠭᠤᠯᠤᠨ ᠥᠷᠭᠡᠳᠬᠡᠬᠦ᠂ ᠲᠣᠭᠠᠴᠢᠯᠠᠭᠰᠠᠨ ᠬᠡᠷᠡᠭᠯᠡᠭᠡ ᠶᠢ ᠥᠷᠭᠡᠳᠬᠡᠬᠦ᠂ ᠰᠥᠨᠢ ᠶᠢᠨ ᠬᠡᠷᠡᠭᠯᠡᠭᠡ ᠶᠢ ᠠᠮᠢᠯᠠᠭᠤᠯᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠶᠢ ᠭᠠᠳᠠᠭᠠᠳᠤ ᠠᠴᠠ ᠣᠷᠣᠭᠤᠯᠬᠤ ᠶᠢ ᠳᠡᠮᠵᠢᠬᠦ᠂ ᠭᠠᠳᠠᠭᠠᠳᠤ ᠳᠤ ᠭᠠᠷᠭᠠᠬᠤ ᠶᠢ ᠳᠣᠲᠣᠭᠠᠳᠤ ᠳᠤ ᠪᠠᠨ ᠪᠣᠷᠣᠯᠠᠭᠤᠯᠬᠤ  ᠪᠣᠯᠭᠠᠨ ᠬᠤᠪᠢᠷᠭᠠᠬᠤ ᠶᠢ ᠳᠡᠮᠵᠢᠬᠦ᠂ ᠭᠠᠶᠢᠯᠢ ᠠᠴᠠ ᠭᠡᠯᠳᠦᠷᠢᠭᠦᠯᠦᠨ ᠪᠠᠷᠠᠭ᠎ᠠ ᠬᠤᠳᠠᠯᠳᠤᠨ ᠠᠪᠬᠤ ᠶᠢ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠠᠨ ᠤ ᠣᠷᠣᠨ ᠤ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠠᠬᠢᠭᠤᠯᠤᠨ᠎ᠠ᠃ ᠮᠠᠨ ᠤ ᠣᠷᠣᠨ ᠬᠡᠷᠡᠭᠯᠡᠭᠡ ᠶᠢᠨ ᠲᠡᠰ ᠳᠡᠪᠰᠢᠬᠦ ᠰᠢᠨ᠎ᠡ ᠬᠠᠨᠳᠤᠰᠢ ᠳᠤ ᠢᠳᠡᠪᠬᠢᠲᠡᠢ ᠵᠣᠬᠢᠴᠠᠵᠤ᠂ ᠵᠠᠯᠠᠭᠤ ᠬᠥᠮᠦᠰ ᠤᠨ ᠥᠪᠡᠷᠮᠢᠴᠡᠵᠢᠭᠰᠡᠨ᠂ ᠤᠯᠠᠨ ᠶᠠᠩᠵᠤᠴᠢᠯᠠᠬᠰᠠᠨ ᠬᠡᠷᠡᠭᠯᠡᠭᠡ ᠶᠢᠨ ᠬᠡᠷᠡᠭᠴᠡᠭᠡ ᠶᠢ ᠬᠦᠴᠦᠯᠡᠨ ᠡᠵᠡᠮᠳᠡᠵᠦ᠂ ᠬᠡᠷᠡᠭᠯᠡᠭᠡ ᠶᠢᠨ ᠰᠢᠨ᠎ᠡ ᠬᠡᠪ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠭᠡᠷ ᠤᠨ ᠴᠠᠬᠢᠯᠭᠠᠨ ᠬᠡᠷᠡᠭᠰᠡᠯ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠶᠢ ᠠᠬᠢᠭᠤᠯᠬᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠣᠬᠢᠷᠲᠤᠯ ᠦᠭᠡᠢ ᠬᠡᠷᠡᠭᠯᠡᠭᠡ ᠶᠢ ᠬᠥᠭᠵᠢᠭᠦᠯᠵᠦ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠢᠳᠡᠪᠬᠢᠲᠡᠶ ᠪᠠᠷ ᠰᠠᠨᠠᠭᠠᠴᠢᠯᠠᠨ᠎ᠠ᠃ ᠲᠦᠷᠪᠡ ᠳᠤ᠂ ᠰᠣᠶᠣᠯ ᠵᠤᠭᠠᠴᠠᠯ ᠤᠨ ᠬᠡᠷᠡᠭᠯᠡᠭᠡᠨ ᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠵᠤ᠂ ᠬᠤᠳᠠᠯᠳᠤᠭ᠎ᠠ ᠵᠤᠭᠠᠴᠠᠯ ᠰᠣᠶᠣᠯ ᠪᠡᠶ᠎ᠡ ᠶᠢᠨ ᠲᠠᠮᠢᠷ ᠤᠨ ᠠᠭᠤᠰᠤᠯᠴᠠᠭᠰᠠᠨ ᠬᠡᠷᠡᠭᠯᠡᠭᠡ ᠶᠢ ᠬᠥᠭᠵᠢᠭᠡᠬᠦ ᠪᠠᠷ ᠳᠠᠮᠵᠢᠨ ᠮᠠᠨ ᠤ ᠣᠷᠣᠨ ᠤ ᠰᠣᠶᠣᠯ ᠵᠤᠭᠠᠴᠠᠯ ᠤᠨ ᠬᠡᠷᠡᠭᠯᠡᠭᠡ ᠶᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠴᠢᠨᠠᠭᠰᠢᠳᠠ ᠬᠠᠩᠭᠠᠨ᠎ᠠ᠃ ᠲᠠᠪᠤ ᠳᠤ᠂ ᠤᠨᠴᠠᠯᠢᠬᠳᠤ ᠶᠠᠪᠠᠭᠠᠨ ᠵᠡᠭᠡᠯᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠣᠷᠣᠨ ᠤ ᠬᠤᠲᠠ ᠬᠥᠳᠡᠭᠡ ᠶᠢᠨ ᠬᠡᠷᠡᠭᠯᠡᠭᠡ ᠶᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠠᠵᠢᠯ ᠢᠶᠠᠷ ᠭᠠᠷᠳᠠᠴᠠ ᠪᠠ ᠰᠢᠪᠲᠤᠯᠤᠯᠲᠠ ᠶᠢᠨ ᠴᠡᠭ ᠪᠣᠯᠭᠠᠨ᠂ ᠲᠤᠳᠠᠭᠳᠠᠯ ᠢ ᠬᠦᠴᠦᠯᠡᠨ ᠨᠥᠬᠦᠪᠥᠷᠢᠯᠡᠵᠦ᠂ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠬᠡᠷᠡᠭᠯᠡᠭᠡ ᠶᠢᠨ ᠬᠠᠮᠵᠢᠯᠴᠠᠨ ᠬᠥᠭᠵᠢᠬᠦ᠂ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ᠃ ᠵᠢᠷᠭᠤᠭ᠎ᠠ ᠳᠤ᠂ ᠨᠠᠷᠠᠲᠤ ᠲᠡᠮᠳᠡᠭᠲᠦ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠪᠣᠶ ᠪᠣᠯᠭᠠᠬᠤ᠂ ᠳᠡᠯᠭᠡᠨ ᠪᠣᠷᠣᠯᠠᠭᠤᠯᠬᠤ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠬᠤᠷᠠᠯ ᠦᠵᠡᠰᠬᠦᠯᠡᠩ ᠤᠨ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠦᠲᠦᠮᠵᠢᠲᠡᠶ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠶᠢ ᠴᠢᠩᠭᠠᠳᠬᠠᠨ᠂ ᠪᠥᠬᠦ ᠵᠢᠯ ᠤᠨ ᠬᠡᠷᠡᠭᠯᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠣᠯᠤᠭ᠎ᠠ ᠳᠤ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠬᠦ ᠶᠢ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠮᠠᠨ ᠤ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠤᠤᠯ ᠬᠦᠴᠦᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃     ᠭᠤᠷᠪᠠᠳᠤᠭᠠᠷ ᠬᠡᠰᠡᠭ ᠨᠢ ︽ᠠᠵᠢᠯᠯᠠᠭ᠎ᠠ ᠶᠢᠨ ᠲᠥᠰᠦᠯ︾ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠂ ᠡᠭᠦᠨ ᠳᠤ ᠭᠤᠤᠯᠳᠠᠭᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠦᠨᠡᠯᠡᠨ ᠵᠢᠱᠢᠬᠦ᠂ ᠬᠢᠨᠠᠨ ᠰᠢᠯᠭᠠᠵᠤ ᠤᠷᠮᠠᠰᠢᠭᠤᠯᠬᠤ ᠶᠢ ᠴᠢᠩᠭᠠᠳᠬᠠᠬᠤ ᠵᠡᠷᠭᠡ ᠠᠭᠤᠯᠭ᠎ᠠ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠶᠢᠨ ᠬᠠᠮᠲᠤ ︽ᠠᠵᠢᠯᠯᠠᠭ᠎ᠠ ᠶᠢᠨ ᠲᠥᠰᠦᠯ︾ ᠢ ᠬᠡᠷᠡᠭᠵᠢᠭᠦᠯᠦᠭᠰᠡᠨ ᠪᠠᠶᠢᠳᠠᠯ ᠢ ᠨᠢᠭᠲᠠ ᠮᠥᠷᠳᠡᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ ᠳᠤ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠵᠦ᠂ ᠴᠠᠭ ᠲᠤᠬᠠᠶ ᠳᠤ ᠨᠢ ᠳᠣᠭᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠮᠠᠨ ᠤ ᠣᠷᠣᠨ ᠠᠴᠠ ᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠣᠯᠤᠨ ᠰᠢᠨ᠎ᠡ ᠪᠠᠷ ᠨᠡᠮᠡᠭᠳᠡᠭᠰᠡᠨ ᠬᠢᠵᠠᠭᠠᠷ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠵᠡᠷᠭᠡ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ᠂ ᠪᠥᠬᠦ ᠣᠷᠣᠨ ᠤ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠬᠤ ᠦᠢᠯᠡᠳᠦᠯ ᠢᠶᠠᠷ ᠢᠯᠡᠷᠬᠡᠶ ᠠᠶᠢᠮᠠᠭ ᠬᠤᠲᠠ ᠳᠤ ᠵᠣᠬᠢᠬᠤ ᠬᠡᠮᠵᠢᠶᠡᠨ ᠤ ᠪᠠᠯᠠ ᠮᠥᠩᠭᠦ ᠶᠢᠨ ᠱᠠᠩᠨᠠᠯ ᠣᠯᠭᠤᠨ᠎ᠠ᠃          ᠲᠥᠷᠥ ᠶᠢᠨ ᠪᠣᠳᠣᠯᠭ᠎ᠠ ᠶᠢᠨ ᠣᠭ ᠵᠣᠬᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ 2022 ᠣᠨ ᠤ ᠠᠵᠢᠯᠯᠠᠭ᠎ᠠ ᠶᠢᠨ ᠲᠥᠰᠦᠯ 
 
ᠢᠷᠡᠯᠲᠡ᠄ ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠡᠷᠡᠭᠯᠡᠭᠡ ᠶᠢ ᠠᠬᠢᠭᠤᠯᠬᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号