ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠩ ᠹᠦ᠋ ᠨᠡᠷ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨ᠎ᠡ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/13
     9 ᠰᠠᠷ᠎ᠠ ᠶᠢᠨ 9 ᠤ ᠦᠳᠡ ᠶᠢᠨ ᠬᠤᠶᠢᠨ᠎ᠠ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠩ ᠹᠦ᠋᠂ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠩ ᠵᠢᠶᠠᠨ ᠰᠢᠶᠦ᠋ᠨ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠭᠦᠸᠧ ᠵᠧᠤ ᠮᠢᠩ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠣᠭᠤᠮᠲᠠ ᠶᠢᠨ ᠬᠤᠳᠠ ᠶᠢᠨ ᠠᠵᠢᠯ ᠤᠨ ᠲᠤᠰᠬᠠᠢ ᠠᠩᠬᠢ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠣᠮᠢᠯᠠᠨ ᠰᠠᠭᠤᠯᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤ ᠪᠠᠷ ᠬᠦᠷᠴᠦ ᠲᠣᠬᠤᠨᠢᠭᠤᠯᠵᠤ᠂ ᠠᠵᠢᠯᠲᠠᠳ ᠲᠤ ᠪᠠᠶᠠᠷ ᠤᠨ ᠡᠳᠦᠷ ᠤᠨ ᠲᠣᠬᠤᠨᠢᠭᠤᠯᠤᠯ ᠪᠠ ᠵᠥᠩᠨᠡᠯ ᠳᠡᠪᠰᠢᠭᠦᠯᠵᠡᠢ᠃
自治区商务厅党组书记张鸿福一行中秋节前开展走访慰问活动1.png    
     ᠪᠣᠭᠤᠮᠲᠠ ᠶᠢᠨ ᠲᠤᠰᠬᠠᠶ ᠠᠩᠭᠢ ᠶᠢ ᠡᠷᠭᠢᠵᠦ ᠦᠵᠡᠬᠦ ᠳᠤ ᠪᠠᠨ᠂ ᠵᠠᠩ ᠬᠤᠩ ᠹᠦ᠋ ᠨᠥᠬᠦᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ ᠪᠣᠭᠤᠮᠲᠠ ᠶᠢᠨ ᠠᠯᠪᠠᠨ ᠬᠡᠷ ᠤᠨ ᠡᠷᠬᠢᠯᠡᠭᠴᠢ ᠱᠠᠩ ᡁᠢ ᠴᠢᠶᠠᠩ ᠨᠥᠬᠦᠷ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠲᠠᠨᠢᠯᠴᠠᠭᠤᠯᠭ᠎ᠠ ᠵᠢᠴᠢ ᠶᠡᠷᠦᠩᠬᠡᠶᠢᠯᠡᠭᠰᠡᠨ ᠳᠤᠭᠤᠶᠢᠯᠠᠩ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠂ ᠲᠤᠰᠠᠭᠠᠷᠯᠠᠨ ᠬᠠᠮᠢᠶᠠᠷᠤᠨ ᠡᠵᠡᠮᠳᠡᠬᠦ ᠳᠤᠭᠤᠶᠢᠯᠠᠩ᠂ ᠡᠷᠬᠢᠨ ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠪᠠ ᠮᠡᠳᠡᠭᠡ ᠵᠠᠩᠭᠢᠵᠢᠯᠲᠠ ᠶᠢᠨ ᠳᠤᠭᠤᠶᠢᠯᠠᠩ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠬᠠᠮᠲᠤ ᠪᠣᠭᠤᠮᠲᠠ ᠶᠢᠨ ᠲᠤᠬᠠᠶ ᠶᠢᠨ ᠴᠠᠭ ᠤᠨ ᠬᠢᠨᠠᠨ ᠡᠵᠡᠮᠳᠡᠬᠦ ᠦᠵᠡᠭᠳᠡᠯ ᠢ ᠦᠵᠡᠪᠡ᠃ ᠵᠠᠩ ᠬᠤᠩ ᠹᠦ᠋ ᠨᠥᠬᠦᠷ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠨᠠᠷᠢᠨ ᠬᠢᠨᠠᠮᠠᠭᠠᠢ ᠪᠠᠲᠤ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠳᠤ ᠬᠤᠶᠢᠷᠭᠤᠰᠢᠵᠦ ᠪᠣᠯᠬᠤ ᠭᠡᠵᠦ ᠢᠯᠡᠳᠬᠡᠬᠦ ᠶᠢᠨ ᠬᠠᠮᠲᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ ᠡᠯ᠎ᠡ ᠠᠵᠢᠯ ᠤᠨ ᠪᠠᠶᠢᠷᠢ ᠶᠢᠨ ᠠᠵᠢᠯᠲᠠᠳ ᠲᠤ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠠᠬᠢᠪᠠ᠃
自治区商务厅党组书记张鸿福一行中秋节前开展走访慰问活动2.png   
     ᠳᠠᠷᠠᠭ᠎ᠠ ᠨᠢ᠂ ᠵᠠᠩ ᠬᠤᠩ ᠹᠦ᠋ ᠨᠥᠬᠦᠷ ᠨᠡᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠣᠮᠢᠯᠠᠨ ᠰᠠᠭᠤᠯᠭᠠᠭᠰᠠᠨ ᠠᠵᠢᠯᠲᠠᠳ ᠢ ᠲᠣᠬᠤᠨᠢᠭᠤᠯᠪᠠ᠃ ᠡᠨᠡ ᠬᠤᠭᠤᠴᠠᠭᠠᠨ ᠳᠤ᠂ ᠵᠠᠩ ᠬᠤᠩ ᠹᠦ᠋ ᠨᠥᠬᠦᠷ ᠴᠣᠩᠬᠤ ᠪᠠᠷ ᠠᠵᠢᠯᠯᠠᠬᠤ ᠶᠠᠪᠤᠴᠠ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠬᠢᠨᠠᠨ ᠵᠥᠪᠰᠢᠶᠡᠷᠡᠬᠦ ᠭᠤᠭᠴᠤᠭ᠎ᠠ ᠪᠠ ᠴᠠᠭ ᠤᠨ ᠬᠢᠵᠠᠭᠠᠷ ᠢ ᠨᠠᠷᠢᠨ ᠣᠶᠢᠯᠠᠭᠠᠵᠤ᠂ ᠠᠵᠢᠯᠯᠠᠬᠤ ᠶᠠᠪᠤᠴᠠ ᠶᠢ ᠰᠢᠯᠢᠳᠡᠭᠵᠢᠭᠦᠯᠬᠦ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠠᠵᠢᠯᠲᠠᠳ ᠢ ᠣᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃
自治区商务厅党组书记张鸿福一行中秋节前开展走访慰问活动3.png   
     ᠬᠠᠮᠤᠭ ᠤᠨ ᠰᠡᠭᠦᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠸᠧᠨ ᠬᠤᠶ ᠵᠡᠷᠭᠡ ᠬᠥᠮᠦᠰ ᠤᠨ ᠪᠠᠷ᠎ᠠ ᠪᠤᠯᠤᠯᠭ᠎ᠠ ᠲᠠᠢ ᠪᠠᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠨᠠᠨ ᠵᠥᠪᠰᠢᠶᠡᠷᠡᠬᠦ ᠠᠵᠢᠯ ᠤᠨ ᠶᠠᠪᠣᠭᠳᠠᠵᠦ ᠪᠠᠶᠢᠭ᠎ᠠ ᠪᠠᠶᠢᠳᠠᠯ ᠢ ᠣᠶᠢᠯᠠᠭᠠᠪᠠ᠃ 
 
ᠢᠷᠡᠯᠲᠡ᠄ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号