ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠤ ᠳᠡᠳ᠋ ᠳᠠᠷᠤᠭ᠎ᠠ ᠵᠠᠩ ᠭᠤᠸᠠᠨ ᠪᠢᠨ ᠨᠠᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/9/14
     ᠲᠥᠷᠥ ᠶᠢᠨ ᠶᠠᠪᠤᠳᠠᠯ ᠤᠨ ᠬᠤᠷᠢᠶᠠᠨ ᠤ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠰᠠᠭᠠᠳ ᠥᠬᠡᠶ ᠪᠠᠶᠢᠯᠭᠠᠬᠤ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠤ ᠳᠡᠳ᠋ ᠳᠠᠷᠤᠭ᠎ᠠ ᠵᠠᠩ ᠭᠤᠸᠠᠨ ᠪᠢᠨ ᠨᠡᠷ 9 ᠰᠠᠷ᠎ᠠ ᠶᠢᠨ 1 ᠠᠴᠠ 2 ᠤᠨ ᠡᠳᠦᠷ ᠪᠣᠯᠲᠠᠯ᠎ᠠ ᠮᠠᠨ ᠤ ᠬᠤᠲᠠ ᠳᠤ ᠢᠷᠡᠵᠦ ᠭᠠᠳᠠᠭᠠᠳᠤ ᠠᠷᠠᠯᠵᠢᠶᠠᠨ ᠤ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠣᠳᠣᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠬᠣ᠋ ᠶᠢᠩ ᠹᠧᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠹᠧᠩ ᠠᠶ ᠰᠢᠶᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ ᠤᠨ ᠳᠠᠷᠤᠭ᠎ᠠ ᠰᠢᠤᠢ ᠬᠤᠩ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠠᠭᠤᠳᠠᠮ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
商务部外贸司副司长张冠彬一行来我市调研.png    
        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠬᠥᠭᠵᠢᠯᠲᠡ ᠪᠣᠯᠤᠨ ᠭᠤᠣᠯᠳᠠᠯᠭ᠎ᠠ ᠲᠠᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠠ ᠦᠵᠡᠭᠦᠯᠬᠦ ᠣᠷᠣᠨ ᠪᠣᠯᠤᠨ ᠥᠪᠥᠷ ᠮᠣᠩᠭᠤᠯ ᠤᠨ ᠯᠢ ᠨᠢᠦ ᠨᠢᠦ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠲᠤᠬᠠᠢ ᠶᠢᠨ ᠭᠠᠵᠠᠷ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ᠂ ᠲᠤᠬᠠᠶᠢᠯᠠᠭᠰᠠᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ᠂ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠲᠠ ᠶᠢᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠤᠯᠤᠰ ᠤᠨ ᠳᠡᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠭᠠᠳᠠᠭᠠᠳᠤ ᠠᠷᠠᠯᠵᠢᠶ᠎ᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠥᠭᠵᠢᠭᠦᠯᠬᠦ ᠠᠵᠢᠯ ᠢ ᠨᠤᠲᠠᠯᠠᠬᠤ ᠶᠢᠨ ᠬᠠᠮᠲᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠨ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠭᠤᠯᠬᠤ ᠵᠡᠷᠭᠡ ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃      ᠭᠠᠭᠴᠠᠮᠤᠳᠤ ᠪᠣᠭᠤᠮᠲᠠ ᠳᠤ ᠨᠡᠭᠦᠷᠡᠰᠦ᠂ ᠵᠡᠰ ᠤᠨ ᠨᠠᠷᠢᠯᠢᠭ ᠨᠤᠨᠲᠠᠭ ᠵᠡᠷᠭᠡ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ ᠣᠷᠣᠭᠤᠯᠵᠤ ᠪᠣᠭᠤᠮᠲᠠ ᠪᠠᠷ ᠥᠩᠭᠡᠷᠡᠭᠦᠯᠬᠦ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠠ ᠴᠢᠬᠤᠯᠠ ᠡᠨᠧᠷᠭᠢ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠬᠤ ᠵᠠᠮ ᠪᠣᠯᠤᠭᠰᠠᠨ ᠤ ᠬᠤᠪᠢ ᠳᠤ᠂ ᠭᠠᠭᠴᠠᠮᠣᠳᠣ ᠪᠣᠭᠤᠮᠲᠠ ᠶᠢᠨ ᠡᠬᠢᠨ ᠤ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠢᠬᠤᠯᠠ ᠡᠨᠧᠷᠭᠢ ᠡᠬᠢ ᠪᠠᠶᠠᠯᠢᠭ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ AGV ᠶᠢᠨ ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠠᠯ᠎ᠠ ᠪᠠᠷ ᠠᠮᠵᠢᠯᠲᠠ ᠲᠠᠢ ᠬᠠᠶᠢᠨ ᠰᠥᠪᠡᠭᠴᠢᠯᠡᠯᠲᠡ ᠬᠢᠵᠦ᠂ ᠬᠤᠶᠢᠰᠢᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠭᠰᠠᠨ ᠤᠷᠢᠲᠠᠯ ᠳᠣᠤᠷ᠎ᠠ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃ 
 
ᠢᠷᠡᠯᠲᠡ᠄ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号