ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠤᠨ ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠲᠣᠰᠬᠠᠢ ᠰᠡᠳᠦᠪᠳᠣ ᠨᠠᠮ  ᠤᠨ ᠬᠢᠴᠢᠶᠠᠯ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/9/15
     ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ᠂︽ᠢᠯᠵᠠᠷᠠᠬᠤ ᠶᠢ ᠪᠤᠳᠤᠬᠤ ᠥᠬᠡᠶ︾ ᠦᠵᠡᠯ ᠰᠠᠨᠠᠭᠠᠨ ᠤ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 13 ᠤ ᠦᠳᠡ ᠶᠢᠨ ᠬᠤᠶᠢᠨ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠶᠢᠨ ᠾᠧ ᠨᠥᠬᠦᠷ ︽ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ︾ ᠰᠡᠳᠦᠪ ᠢᠶᠠᠷ ᠪᠥᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠲᠠᠶᠢᠯᠪᠤᠷᠢᠯᠠᠵᠤ ᠥᠭᠪᠡ᠃      ᠯᠢ ᠶᠢᠨ ᠾᠧ ᠨᠥᠬᠦᠷ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠣᠳᠣᠬᠠᠨ ᠤ ᠪᠠᠶᠢᠳᠠᠯ ᠪᠣᠯᠤᠨ ᠤᠢᠢᠷ᠎ᠠ ᠶᠢᠨ ᠵᠢᠯ ᠠᠴᠠ ᠨᠠᠭᠠᠰᠢ ᠮᠠᠨ ᠤ ᠠᠶᠢᠮᠠᠭ ᠲᠤ ᠡᠭᠦᠰᠦᠭᠰᠡᠨ ᠵᠠᠷᠢᠮ ᠨᠡᠶᠢᠲᠡᠯᠢᠭ ᠬᠡᠷᠡᠭ ᠲᠠᠢ ᠤᠶᠠᠯᠳᠤᠭᠤᠯᠤᠨ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠯᠲᠠ ᠬᠢᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠬᠠᠢ ᠰᠡᠳᠦᠪᠲᠦ ᠨᠠᠮ ᠤᠨ ᠬᠢᠴᠢᠶᠡᠯ ᠢ ᠬᠢᠯᠪᠡᠷ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ ᠢ ᠠᠷᠢᠭᠤᠨ ᠴᠢᠬᠡᠴᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠬᠥᠮᠦᠵᠢᠭᠦᠯᠵᠡᠢ᠃      ᠯᠢ ᠶᠢᠨ ᠾᠧ ᠨᠥᠬᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠢᠮᠠᠭᠲᠠ ᠠᠷᠢᠭᠤᠨ ᠴᠢᠬᠡᠴᠢ ᠤᠭ ᠴᠢᠨᠠᠷ ᠢᠶᠠᠨ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮᠴᠢ ᠴᠢᠨᠠᠷ ᠤᠨ ᠳᠠᠪᠲᠠᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃ ᠠᠵᠢᠯ ᠢ ᠲᠡᠷᠢᠭᠦᠨ ᠳᠤ ᠲᠠᠯᠪᠢᠬᠤ ᠠᠵᠢᠯ ᠤᠨ ᠰᠤᠷᠲᠠᠯ᠂ ᠪᠣᠳᠠᠲᠠᠢ ᠪᠠᠷ ᠦᠨᠳᠦᠰᠦ ᠪᠣᠯᠭᠠᠬᠤ ᠠᠵᠢᠯ ᠤᠨ ᠤᠳᠤᠷᠢᠳᠤᠮᠵᠢ᠂ ᠭᠤᠣᠯᠳᠠᠯᠭ᠎ᠠ ᠲᠠᠢ ᠠᠵᠢᠯ ᠤᠨ ᠪᠠᠷᠢᠮᠵᠢᠶ᠎ᠠ ᠶᠢ ᠪᠤᠢ ᠪᠣᠯᠭᠠᠵᠤ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠳᠦᠮᠵᠢ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠳᠠᠩᠰᠠ᠂ ᠠᠵᠤ ᠠᠬᠤᠢ ᠶᠢᠨ ᠳᠠᠩᠰᠠ᠂ ᠨᠡᠷ᠎ᠡ ᠲᠦᠷᠦ ᠶᠢᠨ ᠳᠠᠩᠰᠠ᠂ ᠭᠡᠷ ᠪᠦᠯᠢ ᠶᠢᠨ ᠳᠠᠩᠰᠠ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠳᠠᠩᠰᠠ᠂ ᠡᠷᠬᠡ ᠴᠢᠯᠥᠭᠡ ᠶᠢᠨ ᠳᠠᠩᠰᠠ᠂ ᠡᠷᠡᠭᠦᠯ ᠮᠡᠨᠳᠦ ᠶᠢᠨ ᠳᠠᠩᠰᠠ ᠶᠢ ᠰᠡᠳᠬᠢᠯ ᠳᠤ ᠪᠠᠨ ᠲᠣᠭᠲᠠᠭᠤᠨ ᠪᠠᠶᠢᠯᠭᠠᠵᠤ᠂ ᠪᠢᠰᠢᠷᠡᠨ ᠵᠢᠷᠦᠬᠡᠰᠢᠶᠡᠵᠦ᠂ ᠴᠡᠭᠡᠷ ᠬᠤᠷᠢᠭ᠎ᠠ ᠶᠢ ᠰᠠᠬᠢᠵᠤ᠂ ᠴᠠᠭ ᠮᠥᠴᠡ ᠶᠢ ᠨᠠᠨᠳᠢᠩᠨᠠᠵᠤ᠂ ᠵᠠᠯᠠᠭᠤ ᠨᠠᠰᠤᠨ ᠳᠤ ᠪᠠᠨ ᠣᠰᠣᠯᠳᠠᠬᠤ ᠦᠭᠡᠢ ᠪᠠᠶᠢᠬᠤ ᠬᠡᠷᠡᠭᠲᠡᠢ᠃ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠶᠢᠮᠠᠭ ᠤᠨ ᠨᠠᠮ ᠤᠨ ᠬᠤᠷᠢᠶ᠎ᠡ ︵ᠥᠷᠭᠡᠳᠬᠡᠭᠰᠡᠨ︶ ᠶᠢᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号