8 ᠰᠠᠷ᠎ᠠ ᠶᠢᠨ 14 ᠤ ᠡᠳᠦᠷ᠂ ᠵᠢᠷᠭᠤᠳᠤᠭᠠᠷ ᠬᠤᠭᠤᠴᠠᠭᠠᠨ ᠤ ᠲᠣᠷᠭᠠᠨ ᠵᠠᠮ ᠤᠨ ᠣᠯᠠᠨ ᠤᠯᠤᠰ ᠤᠨ | ᠦᠵᠡᠰᠬᠦᠯᠡᠩ ᠤᠨ ᠴᠤᠭᠯᠠᠭᠠᠨ ᠵᠢᠴᠢ ᠳᠤᠮᠳᠠᠳᠤ ᠤᠯᠤᠰ ᠤᠨ ᠵᠡᠭᠦᠨ ᠪᠠᠷᠠᠭᠤᠨ ᠣᠷᠣᠨ ᠤ ᠬᠠᠮᠲᠤᠷᠠᠯᠴᠠᠭ᠎ᠠ ᠪᠠ | ᠪᠠᠯᠠ ᠣᠷᠣᠭᠤᠯᠤᠯᠲᠠ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ︵ᠳᠥᠭᠦᠮᠴᠢᠯᠡᠭᠡᠳ ᠲᠣᠷᠭᠠᠨ ᠵᠠᠮ ᠤᠨ | ᠦᠵᠡᠰᠬᠦᠯᠡᠩ ᠤᠨ ᠴᠤᠭᠯᠠᠭᠠᠨ ᠭᠡᠳᠡᠭ︶ ᠰᠢ ᠠᠨ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠲᠤ ᠡᠬᠢᠯᠡᠪᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠲᠣᠰ ᠬᠤᠭᠤᠴᠠᠭᠠᠨ ᠤ ᠶᠡᠭᠡ ᠬᠤᠷᠠᠯ ᠤᠨ ᠭᠤᠤᠯ | ᠵᠣᠴᠢᠨ ᠤ ᠮᠤᠵᠢ ᠪᠠᠶᠢᠵᠤ᠂ ᠦᠵᠡᠰᠬᠦᠯᠡᠩ ᠭᠠᠷᠭᠠᠬᠤ᠂ ᠲᠠᠨᠢᠯᠴᠠᠭᠤᠯᠬᠤ ᠵᠡᠷᠭᠡ ᠠᠯᠢ ᠣᠯᠠᠨ ᠠᠵᠢᠯᠯᠠᠭ᠎ᠠ | ᠦᠷᠨᠢᠬᠦᠯᠪᠠ᠃ ᠥᠪᠥᠷ ᠮᠣᠩᠭᠤᠯ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠠᠶᠢᠭᠤᠯᠬᠤ ᠳᠤ ᠢᠳᠡᠪᠬᠢᠲᠡᠢ | ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠮᠤ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ | ᠠᠭᠤᠰᠤᠯᠴᠠᠵᠤ᠂ ᠳᠣᠲᠣᠭᠠᠳᠤ ᠭᠠᠳᠠᠭᠠᠳᠤ ᠶᠢ ᠬᠤᠯᠪᠣᠨ ᠨᠡᠪᠲᠡᠷᠡᠭᠦᠯᠬᠦ ᠶᠢ ᠪᠦᠷᠢᠯᠳᠣᠬᠦᠯᠪᠠ᠃ ︽ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠬᠤ · ᠬᠠᠮᠲᠤᠪᠠᠷ ᠤᠷᠤᠭᠰᠢᠯᠠᠵᠤ ᠬᠠᠮᠲᠤᠪᠠᠷ | ᠡᠳ᠋ᠯᠡᠵᠦ ᠬᠠᠮᠲᠤᠪᠠᠷ ᠠᠰᠢᠭ ᠬᠦᠷᠳᠡᠬᠦ︾ ᠪᠠᠷ ᠭᠤᠣᠯ ᠰᠡᠳᠦᠪ ᠪᠣᠯᠭᠠᠵᠤ ᠲᠠᠯ᠎ᠠ ᠨᠤᠲᠤᠭ ᠤᠨ ᠰᠢᠨ᠎ᠡ ᠰᠡᠳᠬᠢᠴᠡ ᠶᠢ | ᠪᠦᠬᠦ ᠬᠦᠴᠦᠨ ᠢᠶᠠᠷ ᠢᠶᠠᠨ ᠴᠣᠭᠴᠠᠯᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤᠪᠠᠷ ᠪᠦᠳᠦᠭᠡᠨ | ᠪᠠᠶᠢᠭᠤᠯᠬᠤ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠪᠡ︕ | ᠲᠣᠷᠭᠠᠨ ᠵᠠᠮ ᠤᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ ︽ᠪᠢ ᠲᠠᠯ᠎ᠠ ᠨᠤᠲᠤᠭ ᠲᠠᠢ | ᠪᠣᠯᠵᠤᠭ᠎ᠠ ᠲᠠᠢ︾ — ᠱᠠᠨᠰᠢ ᠥᠪᠥᠷ ᠮᠣᠩᠭᠤᠯ ᠬᠤᠶᠠᠷ ᠮᠤᠵᠢ ᠣᠷᠣᠨ ᠤ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠵᠢᠴᠢ ᠠᠵᠤ | ᠦᠢᠯᠡᠰ ᠤᠨ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠬᠢᠵᠦ᠂ ᠬᠤᠶᠠᠷ ᠮᠤᠵᠢ ᠰᠣᠶᠣᠯ᠂ ᠰᠤᠷᠭᠠᠨ | ᠬᠥᠮᠦᠵᠢᠯ᠂ ᠵᠤᠭᠠᠴᠠᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ 48 ᠲᠦᠷᠦᠯ ᠵᠦᠢᠯ ᠳᠤ | ᠲᠥᠪᠯᠡᠷᠡᠭᠦᠯᠦᠨ ᠭᠡᠷ᠎ᠡ ᠲᠣᠭᠲᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠩ ᠹᠦ᠋ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠡᠮᠦᠨ᠎ᠡ ᠠᠴᠠ ᠬᠤᠷᠠᠯ ᠳᠤ ᠣᠷᠣᠯᠴᠠᠪᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠩ ᠹᠦ᠋ ᠱᠠᠨᠰᠢ ᠥᠪᠥᠷ ᠮᠣᠩᠭᠤᠯ ᠬᠤᠶᠠᠷ ᠮᠤᠵᠢ | ᠣᠷᠣᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ | ᠵᠢᠷᠤᠬᠤ ᠶᠣᠰᠣᠯᠠᠯ ᠳᠤ ᠰᠠᠭᠠᠳᠠᠵᠦ ᠪᠠᠶᠢᠭ᠎ᠠ ᠨᠢ | ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠡᠳᠦᠷ᠂ ᠥᠪᠥᠷ ᠮᠣᠩᠭᠤᠯ ᠤᠨ ᠦᠵᠡᠭᠦᠯᠦᠯᠭᠡ ᠶᠢᠨ | ᠲᠣᠭᠤᠷᠢᠭ ᠲᠤ ᠪᠠᠰᠠ ᠰᠢᠯᠢ ᠶᠢᠨ ᠭᠤᠤᠯ ᠠᠶᠢᠮᠠᠭ᠂ ᠬᠥᠬᠡᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ | ᠬᠤᠲᠠ ᠶᠢᠨ ᠠᠵᠤ ᠦᠢᠯᠡᠰ ᠤᠨ ᠰᠣᠶᠣᠯ ᠤᠨ ᠰᠣᠯᠢᠯᠴᠠᠭᠠᠨ ᠤ ᠴᠤᠭᠯᠠᠭᠠᠨ ᠶᠠᠪᠤᠭᠳᠠᠪᠠ᠃ ᠡᠭᠦᠨ ᠤ ᠬᠠᠮᠲᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 7 ᠠᠵᠤ ᠠᠬᠤᠶᠢᠯᠠᠯ ᠤᠨ ᠲᠥᠯᠥᠭᠡᠯᠡᠭᠴᠢ ᠣᠷᠣᠨ | ᠪᠦᠰᠡ ᠶᠢᠨ ᠤᠨᠴᠠᠯᠢᠭᠳᠤ ᠪᠦᠲᠦᠭᠡᠭᠳᠡᠬᠦᠨ ᠢ ᠦᠪᠡᠳᠡᠭᠰᠢ ᠶᠡᠭᠡ ᠪᠠᠷ ᠲᠠᠨᠢᠯᠴᠠᠭᠤᠯᠤᠭᠰᠠᠨ ᠪᠥᠭᠡᠳ ᠱᠠᠩᠨᠠᠯ ᠲᠠᠢ | ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠲᠤᠬᠠᠶ ᠶᠢᠨ ᠲᠠᠯᠠᠪᠤᠷ ᠤᠨ ᠵᠣᠴᠢᠳ ᠢ ᠤᠷᠢᠨ ᠲᠣᠯᠢᠯᠠᠭᠤᠯᠵᠤ᠂ | ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠦᠢᠯᠡᠳᠬᠦᠨ ᠤ ᠰᠣᠯᠢᠯᠴᠠᠭᠠᠨ ᠤ ᠬᠤᠷᠠᠯ ᠳᠡᠭᠡᠷ᠎ᠡ᠂ | 17 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ᠂ 25 ᠨᠡᠷᠡᠳᠦ ᠲᠠᠸᠠᠷ ᠤᠨ ᠲᠡᠮᠳᠡᠭ ᠢ | ᠳᠡᠯᠭᠡᠨ ᠦᠵᠡᠭᠦᠯᠪᠡ᠃ | ᠲᠣᠰ ᠬᠤᠭᠤᠴᠠᠭᠠᠨ ᠤ ᠲᠣᠷᠭᠠᠨ ᠵᠠᠮ ᠤᠨ ᠦᠵᠡᠰᠬᠦᠯᠡᠩ ᠤᠨ ᠴᠤᠭᠯᠠᠭᠠᠨ ᠤ ᠭᠤᠤᠯ ᠵᠣᠴᠢᠨ ᠮᠤᠵᠢ ᠶᠢᠨ | ᠨᠢᠭᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠦᠵᠡᠭᠦᠯᠦᠯᠭᠡ ᠶᠢᠨ ᠲᠣᠭᠤᠷᠢᠭ ᠨᠢ ᠬᠥᠭᠵᠢᠯᠲᠡ ᠶᠢᠨ | ᠠᠮᠵᠢᠯᠲᠠ ᠪᠦᠲᠦᠮᠵᠢ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠵᠡᠷᠭᠡ ᠵᠢᠷᠭᠤᠭᠠᠨ ᠬᠡᠪᠯᠡᠯ ᠢᠶᠠᠷ ᠪᠦᠷᠢᠯᠳᠦᠵᠦ᠂ ᠨᠡᠶᠢᠲᠡ 74 ᠠᠵᠤ | ᠠᠬᠤᠶᠢᠯᠠᠯ ᠪᠠ 300 ᠭᠠᠷᠤᠶ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠢ ᠵᠣᠬᠢᠶᠠᠨ | ᠪᠠᠶᠢᠭᠤᠯᠤᠨ ᠦᠵᠡᠰᠬᠦᠯᠡᠩ ᠳᠤ ᠣᠷᠣᠯᠴᠠᠭᠤᠯᠵᠠᠶ᠃ ᠥᠪᠥᠷ ᠮᠣᠩᠭᠤᠯ ᠤᠨ ᠦᠵᠡᠭᠦᠯᠦᠯᠭᠡ ᠶᠢᠨ ᠲᠣᠭᠤᠷᠢᠭ ᠨᠢ ︽ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ︾ ᠭᠤᠤᠯ ᠰᠡᠳᠦᠪ ᠢ ᠳᠣᠪᠤᠶᠢᠯᠭᠠᠨ᠂ ︽︿ᠬᠤᠶᠠᠷ | ᠬᠠᠯᠬᠠᠪᠴᠢ﹀᠂ ︿ᠬᠤᠶᠠᠷ ᠰᠠᠭᠤᠷᠢᠨ ᠭᠠᠵᠠᠷ﹀ ᠪᠠ ︿ᠨᠢᠭᠡ ᠪᠠᠬᠢᠯᠡᠯᠲᠡ﹀ ᠶᠢ ᠪᠥᠲᠥᠭᠡᠨ ᠪᠠᠶᠢᠭᠤᠯᠬᠤ︾ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠡᠷᠡᠯ ᠰᠠᠴᠤᠷᠠᠩᠭᠤᠶ ᠠᠮᠵᠢᠯᠲᠠ | ᠣᠯᠤᠭᠰᠠᠨ ᠥᠪᠥᠷ ᠮᠣᠩᠭᠤᠯ᠂ ᠪᠠᠯᠠ ᠣᠷᠣᠭᠤᠯᠤᠭᠰᠠᠨ ᠬᠠᠯᠠᠭᠤᠨ ᠬᠥᠷᠥᠰᠥᠲᠦ ᠥᠪᠥᠷ ᠮᠣᠩᠭᠤᠯ᠂ ᠠᠵᠤ | ᠦᠢᠯᠡᠰ ᠤᠨ ᠬᠥᠭᠵᠢᠯᠲᠡ ᠶᠢᠨ ᠥᠪᠥᠷ ᠮᠣᠩᠭᠤᠯ᠂ ᠥᠩᠭᠡ ᠦᠵᠡᠮᠵᠢ ᠬᠢᠵᠠᠭᠠᠯᠠᠰᠢ ᠥᠬᠡᠶ ᠥᠪᠥᠷ ᠮᠣᠩᠭᠤᠯ᠂ | ᠷᠢᠳᠢ ᠰᠢᠳᠢ ᠲᠠᠢ ᠬᠠᠯᠠᠭᠤᠨ ᠲᠣᠳᠣᠨᠣ ᠥᠪᠥᠷ ᠮᠣᠩᠭᠤᠯ ᠢ ᠳᠡᠯᠭᠡᠨ ᠦᠵᠡᠭᠦᠯᠵᠡᠶ᠃ | |