ᠠᠶᠢᠮᠠᠭ ᠤᠨ ᠬᠤᠳᠠᠯᠳᠣᠭᠠᠨ ᠤ ᠶᠠᠪᠣᠳᠠᠯ ᠤᠨ ᠲᠣᠪᠴᠢᠶ᠎ᠡ ᠨᠢ ᠠᠷᠠᠳ ᠲᠤ ᠲᠥᠬᠦᠮ ᠦᠵᠡᠬᠦᠯᠣᠨ ᠬᠢᠵᠢᠭ ᠢ ᠰᠡᠷᠭᠡᠶᠢᠯᠡᠬᠦ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/9/19
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠯᠠᠨ ᠲᠦᠮᠡᠨ ᠳᠤ ᠳᠣᠲᠣᠨᠣ ᠦᠢᠯᠡᠴᠢᠯᠡᠭᠡ ᠬᠠᠩᠭᠠᠵᠤ᠂ ︽ᠪᠠᠴᠢᠮ ᠪᠡᠷᠬᠡ ᠵᠣᠪᠠᠨᠢᠯ︾ ᠢ ᠰᠢᠢᠳᠪᠦᠷᠢᠯᠡᠨ᠂ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠪᠡ᠃ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠤᠨ ᠡᠮ ᠲᠠᠩ᠂ ᠢᠳᠡᠰᠢᠨ ᠨᠣᠭᠤᠭ᠎ᠠ ᠵᠡᠷᠭᠡ ᠡᠳ᠋ ᠪᠣᠳᠠᠰ ᠬᠤᠳᠠᠯᠳᠤᠨ ᠠᠪᠬᠤ ᠬᠡᠷᠡᠭᠴᠡᠭᠡ ᠳᠤ ᠴᠢᠭᠯᠡᠭᠦᠯᠦᠨ᠂ ᠠᠵᠢᠯᠳᠠᠨ ᠲᠣᠬᠢᠷᠠᠭᠤᠯᠤᠨ ᠬᠠᠪᠰᠤᠷᠤᠨ ᠬᠤᠳᠠᠯᠳᠤᠨ ᠠᠪᠤᠭᠤᠯᠬᠤ ᠶᠢᠨ ᠬᠠᠮᠲᠤ ᠭᠡᠷ ᠡᠷᠦᠭᠡ ᠳᠤ ᠨᠢ ᠡᠮᠴᠢ ᠰᠤᠪᠢᠯᠠᠭᠴᠢᠳ ᠢ ᠣᠴᠢᠭᠤᠯᠵᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠯᠢᠭᠡᠷ ᠶᠠᠩᠵᠤ ᠠᠪᠤᠭᠤᠯᠪᠠ᠃ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ ᠬᠠᠮᠤᠭ ᠤᠨ ᠲᠦᠷᠦᠭᠦᠨ ᠳᠤ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠸᠢᠴᠠᠲ ᠤᠨ ᠪᠦᠯᠦᠭᠯᠡᠯ ᠤᠨ ᠳᠣᠲᠣᠷ᠎ᠠ ᠬᠠᠩᠭᠠᠯᠭ᠎ᠠ ᠶᠢ ᠪᠠᠲᠤᠯᠠᠬᠤ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠮᠡᠳᠡᠭᠡ ᠵᠠᠩᠭᠢ ᠶᠢ ᠨᠡᠶᠢᠲᠡᠯᠡᠵᠦ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠪᠠ᠃
便民又暖心 防疫有温度 盟商务局在行动1.png 
        ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠤᠯᠪᠣᠭᠠᠯᠠᠨ ᠲᠠᠭᠠᠭᠠᠴᠢᠯᠠᠭᠰᠠᠨ ᠵᠢᠵᠢᠭ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠬᠦ ᠪᠠᠷ ᠳᠠᠮᠵᠢᠭᠤᠯᠤᠨ᠂ ᠡᠷᠦᠬᠡ ᠪᠦᠷᠢ ᠶᠢᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠨᠢᠭᠡᠳ ᠨᠢᠭᠡ ᠪᠠᠷ ᠳᠡᠩᠰᠡᠯᠡᠨ ᠲᠡᠮᠳᠡᠭᠯᠡᠵᠦ᠂ ᠬᠤᠯᠪᠣᠭᠠᠯᠠᠨ ᠲᠠᠭᠠᠭᠠᠴᠢᠯᠠᠭᠰᠠᠨ ᠳᠥᠷᠪᠡᠨ ᠣᠷᠣᠨ ᠲᠣᠭᠤᠷᠢᠭ ᠲᠤ ᠣᠷᠬᠢᠭᠳᠠᠭᠰᠠᠨ ᠬᠥᠮᠦᠨ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠᠷ ᠪᠣᠶ ᠪᠥᠬᠦᠶ ᠰᠠᠭᠤᠭᠠᠯᠢ ᠠᠷᠠᠳ ᠢ ᠬᠠᠮᠤᠷᠪᠠ᠃ ᠡᠭᠦᠨ ᠤ ᠵᠡᠷᠭᠡ ᠳᠤ᠂ ᠣᠷᠣᠵᠤ ᠭᠠᠷᠤᠭᠰᠠᠨ ᠲᠡᠮᠳᠡᠭᠯᠡᠯ᠂ ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠲᠡᠮᠳᠡᠭᠯᠡᠯ᠂ ᠤᠰᠠᠳᠬᠠᠭᠰᠠᠨ ᠢ ᠲᠡᠮᠳᠡᠭᠯᠡᠭᠰᠡᠨ ᠲᠡᠮᠳᠡᠭᠯᠡᠯ ᠵᠡᠷᠭᠡ ᠡᠬᠡ ᠳᠠᠩᠰᠠ ᠶᠢ ᠲᠡᠭᠦᠯᠳᠡᠷᠵᠢᠭᠦᠯᠵᠦ᠂ ᠡᠬᠡ ᠳᠠᠩᠰᠠ ᠶᠢᠨ ᠠᠭᠤᠯᠭ᠎ᠠ ᠶᠢ ᠨᠠᠷᠢᠰᠬᠠᠭᠰᠠᠨ ᠪᠠᠶᠢᠨ᠎ᠠ᠃
 便民又暖心 防疫有温度 盟商务局在行动2.png
        ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠷᠭᠦᠯᠵᠢᠯᠡᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠵᠠᠬᠢᠷᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠡᠭᠡᠯᠵᠢ ᠪᠦᠷᠢ ᠶᠢᠨ ᠠᠵᠢᠯ ᠤᠨ ᠪᠠᠶᠢᠷᠢ ᠶᠢ ᠪᠠᠲᠤ ᠰᠠᠬᠢᠨ᠎ᠠ᠃ 
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号