2022 ᠥᠪᠥᠷ ᠮᠣᠩᠭᠤᠯ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/9/19
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠨ ᠬᠡᠷᠡᠭᠯᠡᠭᠡ ᠶᠢ ᠠᠬᠢᠭᠤᠯᠬᠤ᠂ ᠠᠵᠤ ᠠᠬᠤᠶ ᠶᠢᠨ ᠶᠡᠭᠡ ᠲᠠᠪᠠᠭ ᠢ ᠲᠣᠭᠲᠠᠪᠤᠷᠢᠵᠢᠭᠤᠯᠬᠤ ᠲᠤᠬᠠᠶ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 15 ᠤ ᠡᠳᠦᠷ᠂ 2022 ᠥᠪᠥᠷ ᠮᠣᠩᠭᠤᠯ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠵᠢᠴᠢ ᠣᠷᠳᠣᠰ ᠬᠤᠲᠠ ᠶᠢᠨ 25 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠢᠩᠬᠢᠨᠢ ᠪᠠᠷ ᠡᠬᠢᠯᠡᠪᠡ᠃ ᠠᠵᠢᠯᠯᠠᠭ᠎ᠠ ᠨᠢ ︽︿ᠥᠪᠥᠷ ᠮᠣᠩᠭᠤᠯ  ᠲᠠᠶᠠᠭᠠᠷ ᠭᠡᠷᠡᠭᠯᠡᠭᠡ ᠶᠢ ᠭᠦᠭᠵᠢᠭᠡᠨ᠂ ᠪᠠᠶᠠᠷᠳᠣ ᠠᠮᠢᠳᠤᠷᠠᠯ ᠢ ᠡᠳ᠋ᠯᠡᠶ᠎ᠡ﹀ ᠭᠡᠬᠦ ᠪᠠᠷ ᠭᠤᠣᠯ ᠰᠡᠳᠦᠪ ᠪᠣᠯᠭᠠᠵᠤ᠂ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬ᠊᠂ ᠲᠣᠭᠠᠨ ᠤ ᠭᠡᠪ ᠴᠢᠨᠠᠷ ᠵᠡᠷᠭᠡ ᠲᠠᠪᠤᠨ ᠶᠡᠭᠡ ᠭᠤᠤᠯᠳᠠᠯᠭ᠎ᠠ ᠲᠠᠢ ᠬᠡᠷᠡᠭᠯᠡᠭᠡᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠲᠠᠸᠠᠷ ᠢ ᠬᠤᠳᠠᠯᠳᠤᠨ ᠠᠪᠬᠤ᠂ ᠮᠠᠰᠢᠨ ᠲᠡᠷᠭᠡ ᠶᠢ ᠬᠤᠳᠠᠯᠳᠤᠨ ᠠᠪᠬᠤ᠂ ᠬᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ᠂ ᠰᠦᠯᠵᠢᠶᠡᠨ ᠳᠡᠭᠡᠷ᠎ᠡ ᠬᠤᠳᠠᠯᠳᠤᠨ ᠠᠪᠬᠤ᠂ ᠠᠮᠲᠠᠲᠤ ᠢᠳᠡᠭᠡᠨ ᠢ ᠡᠳ᠋ᠯᠡᠬᠦ ᠵᠡᠷᠭᠡ ᠲᠠᠪᠤᠨ ᠶᠡᠭᠡ ᠭᠤᠤᠯ ᠰᠡᠳᠦᠪᠲᠦ ᠠᠵᠢᠯᠯᠠᠭ᠎ᠠ ᠶᠢ ᠲᠥᠪᠯᠡᠷᠡᠭᠦᠯᠦᠨ᠂ ᠬᠡᠪᠴᠢᠶ᠎ᠡ ᠪᠠᠷ ᠨᠡᠯᠢᠶᠡᠳ ᠶᠡᠭᠡ 100 ᠲᠠᠯᠠᠪᠤᠷ ᠠᠵᠢᠯᠯᠠᠭ᠎ᠠ ᠶᠢ ᠭᠤᠤᠯᠳᠠᠯᠭ᠎ᠠ ᠲᠠᠢ ᠵᠣᠬᠢᠶᠠᠨ ᠪᠠᠶᠢᠭᠤᠯᠵᠤ᠂ ᠡᠯ᠎ᠡ ᠠᠶᠢᠮᠠᠭ ᠬᠤᠲᠠ ᠶᠢᠨ ᠬᠢᠨ ᠡᠯ᠎ᠡ ᠵᠦᠢᠯ ᠤᠨ ᠬᠡᠯᠪᠡᠷᠢ ᠮᠠᠶ᠋ᠢᠭ ᠣᠯᠠᠨ ᠶᠠᠩᠵᠤ ᠶᠢᠨ᠂ ᠡᠯᠪᠡᠭ ᠪᠠᠶᠠᠯᠢᠭ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠡᠷᠭᠡᠪᠡᠷ ᠶᠠᠪᠤᠭᠳᠠᠭᠤᠯᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠣᠷᠣᠨ ᠤ 3000 ᠭᠠᠷᠤᠶ ᠠᠵᠤ ᠠᠬᠤᠶᠢᠯᠠᠯ ᠠᠵᠢᠯᠯᠠᠭ᠎ᠠ ᠳᠤ ᠰᠢᠭᠤᠳ ᠣᠷᠣᠯᠴᠠᠵᠤ᠂ ᠲᠦᠮᠡ ᠰᠢᠬᠠᠮ ᠠᠵᠤ ᠠᠬᠤᠶᠢᠯᠠᠯ᠂ ᠲᠠᠪᠴᠠᠩ ᠪᠠ ᠬᠤᠳᠠᠯᠳᠤᠭᠠᠨ ᠤ ᠡᠷᠦᠬᠡ ᠶᠢ ᠳᠠᠶᠢᠴᠢᠯᠠᠨ ᠠᠵᠢᠯᠯᠠᠭ᠎ᠠ ᠳᠤ ᠣᠷᠣᠯᠴᠠᠭᠤᠯᠵᠤ᠂ ᠬᠠᠷᠠᠭᠠᠯᠵᠠᠯ ᠲᠠᠢ ᠪᠠᠷ ᠠᠰᠢᠭ ᠣᠯᠭᠤᠵᠤ ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ 
 
ᠢᠷᠡᠯᠲᠡ᠄ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号