ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/9/20
     9 ᠰᠠᠷ᠎ᠠ ᠶᠢᠨ 19 ᠤ ᠡᠳᠦᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠦᠷᠦᠭᠦᠤ 8 ᠰᠠᠷ᠎ᠠ ᠶᠢᠨ ᠪᠥᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶ ᠶᠢᠨ ᠠᠵᠢᠯᠯᠠᠭᠠᠨ ᠪᠠ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠣᠯᠳᠠ ᠬᠢᠭᠰᠡᠨ ᠪᠠᠶᠢᠨ᠎ᠡ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠬᠦᠨ᠂ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠣᠷᠣᠯᠴᠠᠵᠠᠶ᠃     ᠬᠤᠷᠠᠯ ᠠᠴᠠ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠡ ᠶᠢᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ᠂ ᠡᠯ᠎ᠡ ᠬᠤᠰᠢᠭᠤ ᠰᠢᠶᠠᠨ ᠲᠣᠭᠤᠷᠢᠭ ᠤᠨ ᠭᠤᠣᠯ ᠭᠦᠢᠴᠡᠳᠬᠡᠬᠦ ᠲᠤᠭ᠎ᠠ ᠪᠣᠯᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠲᠣᠭᠤᠷᠢᠨ ᠳᠤ ᠦᠨᠡᠯᠡᠯᠲᠡ ᠪᠠ ᠪᠠᠶᠢᠷᠢᠯᠠᠭᠤᠯᠤᠯᠲᠠ ᠬᠢᠨ᠎ᠠ︔ ᠬᠤᠷᠠᠯ ᠤᠨ ᠡᠴᠦᠰ ᠲᠤ ᠠᠭᠤᠳᠠᠮ ᠠᠴᠠ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃     ᠬᠤᠷᠠᠯ ᠠᠴᠠ᠂ ᠡᠨᠡ ᠵᠢᠯ ᠤᠨ ᠲᠦᠷᠦᠭᠦᠦ 8 ᠰᠠᠷ᠎ᠠ ᠳᠤ᠂ ᠪᠦᠬᠦ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠨᠢ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠣᠯᠤᠨ ᠠᠵᠤ ᠠᠬᠤᠢ ᠶᠢᠨ ᠪᠠᠭᠤᠷᠠᠯᠲᠠ ᠶᠢᠨ ᠠᠯᠢ ᠤᠯᠠᠨ ᠳᠠᠷᠤᠯᠲᠠ ᠶᠢ ᠢᠳᠡᠪᠬᠢᠳᠡᠢ ᠪᠠᠷ ᠠᠷᠭᠠᠴᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠣᠬᠢᠴᠠᠵᠤ᠂ ᠪᠣᠳᠠᠲᠠᠢ ᠠᠵᠢᠯᠯᠠᠵᠤ᠂ ᠬᠥᠭᠵᠢᠯᠲᠡ ᠶᠢᠨ ᠳᠤᠮᠳᠠ ᠰᠢᠪᠲᠤᠯᠤᠯᠲᠠ ᠭᠠᠷᠭᠠᠵᠤ᠂ ᠶᠡᠷᠦᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠵᠡᠢ ᠭᠡᠪᠡ᠃     ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠷᠠᠯ ᠠᠴᠠ ᠴᠢᠬᠤᠯᠠᠴᠢᠯᠠᠭᠰᠠᠨ  ᠨᠢ᠂ ᠨᠢᠭᠡ ᠳᠤ᠂ ᠦᠵᠡᠯ ᠰᠠᠨᠠᠭ᠎ᠠ ᠪᠠᠨ ᠴᠢᠯᠥᠭᠡᠯᠡᠨ ᠰᠤᠷᠲᠠᠯ ᠢᠶᠠᠨ ᠬᠤᠪᠢᠷᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠤᠨ ᠰᠤᠷᠲᠠᠯ ᠢᠶᠠᠨ ᠴᠢᠨᠠᠭᠰᠢᠳᠠ ᠬᠤᠪᠢᠷᠠᠭᠤᠯᠵᠤ᠂ ᠰᠡᠳᠬᠢᠯ ᠨᠢᠭᠡᠳᠴᠦ᠂ ᠡᠷᠴᠢ ᠵᠣᠷᠢᠭ ᠢᠶᠠᠨ ᠬᠥᠪᠴᠢᠯᠡᠵᠦ᠂ ᠮᠢᠨᠦ᠋ᠲ ᠪᠦᠷᠢ ᠶᠢ ᠠᠮᠵᠢᠵᠤ᠂ ᠪᠡᠷᠬᠡ ᠪᠣᠭᠤᠮᠲᠠ ᠶᠢ ᠳᠠᠪᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠬᠠᠷᠠᠯᠲᠠ ᠪᠠᠨ ᠴᠢᠩᠭ᠎ᠠ ᠠᠳᠬᠤᠨ ᠵᠥᠷᠢᠶ᠎ᠡ ᠪᠠᠨ ᠡᠷᠢᠵᠦ᠂ ᠠᠵᠢᠯ ᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠨᠠᠶᠢᠳᠠᠪᠤᠷᠢᠵᠢᠭᠤᠯᠤᠨ᠂ ᠲᠦᠭᠰᠢᠭᠦᠷᠢ ᠶᠢᠨ ᠤᠬᠠᠮᠰᠠᠷ ᠢᠶᠠᠨ ᠪᠠᠲᠤᠳᠬᠠᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠱᠠᠭᠠᠷᠳᠠᠯᠭ᠎ᠠ ᠳᠤ ᠴᠢᠭᠯᠡᠭᠦᠯᠦᠨ᠂ ᠦᠵᠡᠯ ᠰᠠᠨᠠᠭᠠᠨ ᠤ ᠲᠠᠯ᠎ᠠ ᠪᠠᠷ ᠳᠠᠬᠢᠨ ᠳᠠᠷᠤᠯᠲᠠ ᠦᠵᠡᠭᠦᠯᠵᠦ᠂ ᠠᠷᠭ᠎ᠠ ᠬᠡᠮᠵᠢᠶ᠎ᠡ ᠪᠠᠨ ᠳᠠᠬᠢᠨ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠳᠠᠬᠢᠨ ᠲᠣᠳᠣᠷᠬᠠᠶᠢᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠭᠡᠷᠡᠭᠳᠡᠢ᠃ ᠭᠤᠷᠪᠠ ᠳᠤ᠂ ᠥᠷᠯᠥᠭᠡ ᠦᠳᠡᠰᠢ ᠶᠢ ᠲᠡᠮᠡᠴᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ᠠᠮᠵᠢᠯᠲᠠ ᠲᠠᠢ ᠲᠡᠭᠦᠰᠬᠦ ᠶᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠳᠠᠯᠳᠤᠭᠠᠨ ᠤ ᠶᠠᠪᠤᠳᠠᠯ ᠤᠨ ᠴᠢᠷᠮᠠᠶᠢᠯᠭ᠎ᠠ ᠪᠠ ᠬᠤᠳᠠᠯᠳᠤᠭᠠᠨ ᠤ ᠶᠠᠪᠤᠳᠠᠯ ᠤᠨ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠳᠣᠬᠤ ᠭᠡᠷᠡᠭᠳᠡᠢ ᠭᠡᠵᠦ ᠱᠠᠭᠠᠷᠳᠠᠪᠠ᠃ 
 
ᠢᠷᠡᠯᠲᠡ᠄ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号