ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠩ ᠹᠦ᠋ ᠨᠡᠷ ᠣᠷᠳᠣᠰ ᠬᠤᠲᠠ ᠳᠤ ᠬᠤᠳᠠᠯᠳᠤᠭᠠᠨ ᠤ ᠶᠠᠪᠤᠳᠠᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/9/21
     9 ᠳ᠋ᠣᠭᠡᠷ ᠰᠠᠷ᠎ᠠ ᠶᠢᠨ 15 ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠩ ᠹᠦ᠋ ᠨᠥᠬᠦᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠾᠧᠦ ᠶᠠᠨ ᠬᠤᠢ ᠵᠢᠴᠢ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠳ ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠳᠤᠰ ᠬᠤᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠤᠷᠳᠤᠰ ᠬᠤᠳᠠ ᠶᠢᠨ ᠲᠠᠨ ᠵᠦᠩ ᠾᠧ ᠰᠤᠳᠤᠯᠭᠠᠨ ᠤ ᠬᠦᠷᠢᠶᠡᠯᠡᠩ᠂ ︽ᠨᠢᠭᠡ ᠮᠥᠴᠡ ᠶᠢᠨ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠤᠨ ᠵᠢᠱᠢᠶ᠎ᠠ ᠦᠵᠡᠭᠦᠯᠬᠦ ᠴᠢᠬ — ᠶᠣᠸᠠᠨ ᠳ᠋ᠢᠩ ᠨᠡᠶᠢᠭᠡᠮ ᠲᠣᠭᠤᠷᠢᠭ᠂ ᠶᠣᠸᠠᠨ ᠵᠢᠩ ᠤᠳᠤ ᠦᠶ᠎ᠡ ᠶᠢᠨ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ᠂ ᠤᠷᠳᠤᠰ ᠬᠤᠳᠠ ᠶᠢᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠤᠷᠳᠤᠰ ᠬᠤᠳᠠ ᠶᠢᠨ ᠤᠳᠤ ᠦᠶ᠎ᠡ ᠶᠢᠨ ᠨᠣᠯᠤᠤᠷ ᠤᠨ ᠠᠵᠤ ᠦᠢᠯᠡᠰ ᠤᠨ ᠬᠦᠷᠢᠶᠡᠯᠡᠩ᠂ ᠴᠢ ᠷᠦᠢ ᠮᠠᠰᠢᠨ ᠲᠡᠷᠭᠡᠨ ᠤ ᠦᠢᠯᠡᠳᠪᠦᠷᠢ ᠶᠢᠨ ᠲᠣᠭᠤᠷᠢᠭ᠂ ᠵᠢᠩ ᠳ᠋ᠦᠩ ᠹᠠᠩ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠤᠨ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠲᠤ ᠲᠤᠬᠠᠢ ᠶᠢᠨ ᠭᠠᠵᠠᠷ ᠲᠤ ᠨᠢ ᠬᠦᠨᠵᠡᠭᠡᠶᠢᠷᠡᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠡᠢ᠃
自治区商务厅党组书记张鸿福一行在鄂尔多斯市开展商务调研工作.png  
         ᠶᠣᠸᠠᠨ ᠵᠢᠩ ᠤᠳᠤ ᠦᠶ᠎ᠡ ᠶᠢᠨ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠩᠭᠡ ᠦᠵᠡᠮᠵᠢ ᠤᠰᠤᠲᠥ᠋ᠷᠥᠭᠴᠢ ᠨᠥᠭᠡᠴᠡᠯᠡᠬᠦ ᠶᠢ ᠨᠢᠭᠡ ᠴᠤᠬᠴᠠᠵᠢᠭᠤᠯᠤᠬᠰᠠᠨ ᠵᠢᠱᠢᠶ᠎ᠠ ᠦᠵᠡᠭᠦᠯᠬᠦ ᠲᠦᠷᠦᠯ ᠵᠦᠢᠯ ᠢ ᠨᠠᠷᠢᠯᠢᠭ ᠰᠢᠨᠵᠢᠯᠡᠨ ᠪᠠᠶᠢᠴᠠᠭᠠᠵᠤ᠂ ᠬᠥᠳᠡᠯᠭᠡᠬᠦ ᠬᠦᠴᠦᠨ ᠤ ᠳ᠋ᠢᠶᠠᠨ ᡂᠢ ᠪᠣᠯᠤᠨ ᠡᠨᠧᠷᠭᠢ ᠬᠠᠳᠠᠭᠠᠯᠠᠬᠤ᠂ ᠴᠠᠬᠢᠯᠭᠠᠨ ᠬᠥᠳᠡᠯᠭᠡᠭᠦᠷᠲᠦ ᠬᠦᠨᠳᠦ ᠺᠠᠷᠲ᠂ ᠳ᠋ᠢᠶᠠᠨ ᡂᠢ ᠶᠢᠨ ᠮᠠᠲ᠋ᠧᠷᠢᠶᠠᠯ᠂ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ ᠵᠡᠷᠭᠡ ᠳᠡᠭᠡᠳᠦ ᠳᠤᠤᠷᠠᠳᠤ ᠤᠷᠤᠰᠬᠠᠯ ᠤᠨ ᠬᠤᠷᠠᠮᠠᠯ ᠠᠵᠤ ᠦᠢᠯᠡᠰ ᠤᠨ ᠬᠡᠯᠬᠢᠶ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠤᠬᠠᠢ ᠠᠯᠤᠰ ᠬᠡᠳᠦ ᠶᠢᠨ ᠲᠥᠯᠥᠪᠵᠢᠭᠦᠯᠭᠡ ᠶᠢ ᠰᠣᠨᠣᠰᠴᠠᠢ᠃ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠤ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠪᠠ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠰᠣᠨᠣᠰᠴᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠶᠢᠳᠠᠯ ᠢ ᠣᠶᠢᠯᠠᠭᠠᠵᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠪᠦᠳᠦᠬᠡᠨ ᠪᠠᠶᠢᠭᠤᠯᠬᠤ᠂ ᠥᠨᠳᠥᠷ ᠲᠦᠪᠰᠢᠨ ᠲᠠᠢ ᠡᠵᠡᠩᠨᠡᠯᠲᠡ ᠶᠢᠨ ᠶᠡᠷᠦᠩᠬᠡᠶᠢᠯᠡᠭᠰᠡᠨ ᠪᠠᠲᠤᠯᠠᠪᠤᠷᠢ ᠶᠢᠨ ᠣᠷᠣᠨ ᠢ ᠪᠠᠶᠢᠭᠤᠯᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠳᠠᠰᠤᠷᠠᠯᠳᠠ ᠦᠬᠡᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠰᠢᠯᠢᠳᠡᠭ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠳᠤ ᠬᠠᠷᠢᠭᠤ ᠥᠭᠭᠦᠭᠰᠡᠨ ᠪᠥᠭᠡᠳ ᠣᠷᠳᠣᠰ ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠪᠥᠲᠥᠭᠡᠨ ᠪᠠᠶᠢᠭᠤᠯᠤᠯᠲᠠ ᠬᠥᠭᠵᠢᠯᠲᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠢᠷᠡᠭᠡᠳᠦᠶ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠤᠷᠳᠤᠰ ᠬᠤᠳᠠ ᠶᠢᠨ ᠬᠢᠨ ᠬᠤᠷᠸ᠎ᠠ ᠠᠵᠤ ᠠᠬᠤᠢ ᠶᠢᠨ ᠪᠠᠶᠢᠳᠠᠯ ᠢ ᠦᠷᠭᠦᠯᠵᠢᠯᠡᠨ ᠭᠦᠨᠵᠡᠭᠡᠢ ᠵᠠᠳᠠᠯᠵᠤ᠂ ᠬᠥᠭᠵᠢᠯᠲᠡ ᠶᠢᠨ ᠰᠡᠳᠬᠢᠴᠡ ᠪᠠᠨ ᠠᠯᠤᠰ ᠬᠡᠳᠤ ᠳᠤ ᠲᠥᠯᠥᠪᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠴᠢᠷᠮᠠᠶᠢᠨ ᠠᠬᠢᠭᠤᠯᠬᠤ ᠭᠡᠷᠡᠭᠳᠡᠢ᠃ ᠲᠣᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠠᠵᠤ ᠠᠬᠤᠶᠢᠯᠠᠯ ᠳᠤ ᠦᠢᠯᠡᠴᠢᠯᠡᠭᠦ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠂ ᠬᠦᠷᠢᠶᠡᠯᠡᠩ ᠲᠣᠭᠤᠷᠢᠭ ᠪᠠ ᠶᠠᠪᠠᠭᠠᠨ ᠵᠡᠭᠡᠯᠢ ᠶᠢᠨ ᠲᠠᠰ ᠳᠡᠪᠰᠢᠬᠦ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠦᠨ ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠭᠰᠠᠨ ᠳᠡᠯᠡᠬᠡᠶᠢᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ 
 
ᠢᠷᠡᠯᠲᠡ᠄ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号