1 — 8 ᠰᠠᠷ᠎ᠠ ᠳᠤ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠨᠡᠮᠡᠭᠳᠡᠯ ᠤᠨ ᠬᠤᠷᠳᠤᠴᠠ ᠪᠥᠬᠦ ᠤᠯᠤᠰ ᠤᠨ ᠡᠮᠦᠨ᠎ᠡ ᠲᠠᠪᠤ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2022/9/23
      ᠡᠨᠡ ᠵᠢᠯ ᠤᠨ ᠲᠦᠷᠦᠭᠦᠦ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 33 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 139.2% ᠢᠶᠠᠷ ᠨᠡᠮᠡᠭᠳᠡᠵᠡᠢ᠃         ᠤᠢᠢᠷ᠎ᠠ ᠶᠢᠨ ᠬᠡᠳᠦᠨ ᠡᠳᠦᠷ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠪᠠᠶᠢᠷᠢᠯᠠᠵᠤ ᠪᠠᠶᠢᠭ᠎ᠠ ᠶᠢᠣ ᠷᠠᠨ ᠮᠠᠯ ᠠᠵᠦ ᠠᠬᠤᠢ ᠶᠢᠨ ᠴᠡᠯᠡᠭᠡᠷ ᠲᠠᠯ᠎ᠠ ᠠᠮᠢ ᠠᠬᠤᠢ ᠶᠢᠨ ᠤᠶᠤᠨᠲᠤ ᠮᠠᠯᠵᠢᠯ ᠤᠨ ᠲᠠᠯᠠᠪᠠᠢ ᠶᠢ ᠶᠠᠭ ᠪᠦᠳᠦᠭᠡᠨ ᠪᠠᠶᠢᠭᠤᠯᠵᠤ ᠪᠤᠢ᠃ ᠡᠨᠡ ᠬᠦ ᠮᠠᠯᠵᠢᠯ ᠤᠨ ᠲᠠᠯᠠᠪᠠᠶ ᠶᠢ 2021 ᠣᠨ ᠤ ᠡᠬᠢ ᠪᠠᠷ ᠡᠬᠢᠯᠡᠨ ᠪᠠᠶᠢᠭᠤᠯᠵᠤ᠂ ᠮᠠᠯᠵᠢᠯ ᠤᠨ ᠲᠠᠯᠠᠪᠠᠶ ᠶᠢᠨ ᠡᠵᠡᠯᠡᠬᠦ ᠭᠠᠵᠠᠷ ᠨᠢ 1600 ᠮᠥ ᠪᠠᠶᠢᠵᠤ᠂ 12000 ᠰᠠᠭᠠᠯᠢ ᠶᠢᠨ ᠦᠨᠢᠶ᠎ᠡ ᠶᠢ ᠲᠡᠵᠢᠭᠡᠬᠦ ᠪᠠᠷ ᠲᠥᠯᠥᠪᠵᠢᠭᠦᠯᠵᠦ᠂ ᠨᠡᠶᠢᠲᠡ 7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠥᠬᠦ ᠳᠡᠯᠡᠬᠡᠶ ᠶᠢᠨ ᠤᠶᠤᠨᠴᠢᠯᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠭᠤᠯᠴᠢᠯᠠᠯ ᠤᠨ ᠮᠠᠯᠵᠢᠯ ᠤᠨ ᠲᠠᠯᠠᠪᠠᠶ ᠪᠣᠯᠤᠭᠰᠠᠨ ᠪᠠᠶᠢᠨ᠎ᠠ᠃ ᠶᠢᠦ ᠷᠠᠨ ᠮᠠᠯ ᠠᠵᠤ ᠠᠬᠤᠢ ᠪᠣᠯ ᠰᠦᠨ ᠦᠢᠯᠡᠰ ᠤᠨ ᠳᠡᠭᠡᠳᠦ ᠤᠷᠤᠰᠬᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠤᠬᠠᠶᠢᠯᠠᠭᠰᠠᠨ ᠠᠵᠢᠯ ᠢᠶᠠᠷ ᠬᠠᠮᠤᠷᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯᠤᠨ᠎ᠠ᠂ ᠵᠠᠬ᠎ᠠ ᠳᠡᠯᠭᠡᠭᠦᠷ ᠲᠤ ᠭᠠᠷᠤᠭᠰᠠᠨ ᠵᠢᠯ ᠭᠠᠷᠤᠢ ᠶᠢᠨ ᠲᠤᠷᠰᠢ ᠨᠡᠶᠢᠲᠡ 66 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃ ᠭᠠᠳᠠᠭᠠᠳᠤ ᠪᠡᠯᠡ ᠶᠢ ᠠᠰᠢᠭᠯᠠᠨ ᠬᠥᠭᠵᠢᠭᠦᠯᠬᠦ ᠪᠠᠷ ᠴᠢᠷᠮᠠᠶᠢᠭᠰᠠᠨ ᠢᠶᠠᠷ᠂ 2021 ᠣᠨ ᠤ ᠶᠢᠦ ᠷᠠᠨ ᠮᠠᠯ ᠠᠵᠤ ᠠᠬᠤᠢ ᠶᠢᠨ ᠵᠢᠯ ᠤᠨ ᠡᠵᠡᠩᠨᠡᠯᠲᠡ ᠶᠢᠨ ᠣᠷᠣᠯᠭ᠎ᠠ 153.46 ᠳ᠋ᠦᠩᠰᠢᠭᠤᠷ ᠲᠥᠭᠦᠷᠢᠭ ᠲᠤ ᠬᠦᠷᠴᠡᠢ᠃ ᠶᠢᠦ ᠷᠠᠨ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠭᠡᠶᠢᠯᠡᠭᠰᠡᠨ ᠢᠶᠠᠷ᠂ ᠠᠵᠤ ᠠᠬᠤᠶᠢᠯᠠᠯ ᠨᠢ ᠬᠥᠬᠡᠬᠤᠲᠠ᠂ ᠲᠦᠩᠯᠢᠶᠣᠤ᠂ ᠬᠥᠯᠥᠨ ᠪᠤᠶᠢᠷ᠂ ᠬᠢᠩᠭᠠᠨ ᠠᠶᠢᠮᠠᠭ ᠵᠡᠷᠭᠡ ᠰᠢᠵᠢᠷ ᠠᠯᠳᠠᠨ ᠰᠦ ᠶᠢᠨ ᠢᠷᠡᠯᠳᠡ ᠶᠢᠨ ᠪᠦᠰᠡ ᠳᠤ 19 ᠰᠠᠭᠤᠷᠢ ᠥᠨᠳᠥᠷ ᠪᠠᠷᠢᠮᠵᠢᠶᠠᠲᠤ ᠲᠦᠮᠡᠨ ᠮᠠᠯᠵᠢᠯ ᠤᠨ ᠲᠠᠯᠠᠪᠠᠢ ᠶᠢ ᠪᠡᠯᠡ ᠣᠷᠣᠭᠤᠯᠤᠨ ᠪᠦᠳᠦᠭᠡᠨ ᠪᠠᠶᠢᠭᠤᠯᠤᠭᠰᠠᠨ ᠪᠥᠭᠡᠳ ᠪᠠᠰᠠ 1 ᠰᠠᠭᠤᠷᠢ 5 ᠲᠦᠮᠡᠨ ᠲᠣᠯᠣᠭᠠᠢ ᠲᠡᠵᠢᠭᠡᠵᠦ ᠪᠠᠶᠢᠭ᠎ᠠ ᠥᠨᠳᠥᠷ ᠪᠠᠷᠢᠮᠵᠢᠶᠠᠲᠤ ᠰᠠᠭᠠᠯᠢ ᠶᠢᠨ ᠢᠮᠠᠭᠠᠨ ᠤ ᠲᠠᠯᠠᠪᠠᠢ ᠪᠣᠯᠤᠨ ᠬᠤᠯᠢᠮᠠᠭ ᠪᠣᠷᠳᠣᠭᠠᠨ ᠤ ᠦᠢᠯᠡᠳᠪᠦᠷᠢ ᠶᠢ ᠪᠦᠳᠦᠭᠡᠨ ᠪᠠᠶᠢᠭᠤᠯᠤᠭᠰᠠᠨ ᠪᠠᠶᠢᠨ᠎ᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠢᠯ ᠤᠨ 1 — 8 ᠰᠠᠷ᠎ᠠ ᠳᠤ᠂ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ 33 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 139.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠲᠤ ᠲᠠᠪᠤᠳᠤᠭᠠᠷ ᠲᠤ ᠵᠢᠭᠰᠠᠭᠠᠭᠳᠠᠵᠠᠶ᠃ ᠭᠠᠳᠠᠭᠠᠳᠤ ᠪᠡᠯᠡ ᠨᠢ ᠭᠤᠣᠯᠳᠠᠭᠤ ᠨᠢᠭᠡᠳᠦᠭᠡᠷ ᠠᠵᠤ ᠦᠢᠯᠡᠰ ᠲᠤ ᠴᠢᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠢ ᠭᠠᠳᠠᠭᠠᠳᠤ ᠪᠡᠯᠡ ᠶᠢᠨ ᠭᠤᠣᠯ ᠨᠡᠮᠡᠭᠳᠡᠯ ᠤᠨ ᠴᠡᠭ ᠪᠣᠯᠪᠠ᠃         ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠭᠦᠸᠧ ᠵᠧᠦ ᠮᠢᠩ ᠠᠴᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠳᠤ ᠶᠠᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠳᠬᠤᠵᠤ᠂ ᠨᠡᠩ ᠥᠨᠳᠥᠷ ᠲᠦᠪᠰᠢᠨ ᠠᠴᠠ ᠮᠠᠨ ᠤ ᠣᠷᠣᠨ ᠤ ᠪᠡᠯᠡ ᠣᠷᠣᠭᠤᠯᠬᠤ ᠭᠡᠪᠴᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ᠂ ᠶᠠᠰᠤ ᠴᠢᠨᠠᠷ ᠢ ᠰᠢᠯᠢᠳᠡᠭᠵᠢᠭᠦᠯᠬᠦ ᠶᠢ ᠲᠣᠭᠲᠠᠭᠤᠨ ᠢᠶᠠᠷ ᠠᠬᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠨᠡᠩ ᠤᠯᠠᠨ ᠡᠰᠢᠵᠢᠭᠦᠯᠵᠦ᠂ ᠪᠡᠯᠡ ᠣᠷᠣᠭᠤᠯᠬᠤ ᠨᠠᠶᠢᠵᠠ ᠶᠢᠨ ᠲᠣᠭᠤᠷᠢᠭ  ᠢ ᠤᠯᠠᠮ ᠠᠴᠠ ᠤᠯᠠᠮ ᠥᠷᠭᠡᠳᠬᠡᠵᠦ ᠪᠠᠶᠢᠨ᠎ᠠ ᠭᠡᠵᠦ ᠢᠯᠡᠳᠬᠡᠪᠡ᠃ 
 
ᠢᠷᠡᠯᠲᠡ᠄ ᠭᠠᠳᠠᠭᠠᠳᠤ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号