ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠧᠦ᠋ᠷᠣᠫᠠ ᠲᠢᠪ ᠤᠨ ᠲᠤᠰᠬᠠᠶ ᠲᠠᠯᠠᠪᠠᠶ ᠡᠷᠬᠢᠯᠡᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2022/9/27
 
内蒙古线上招商引资推介会欧洲专场举办1.png 
        ᠪᠦᠬᠦ ᠲᠠᠯ᠎ᠠ ᠶᠢᠨ᠂ ᠤᠯᠠᠨ ᠬᠠᠷᠠᠭᠠᠰᠤ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠬᠤ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠢᠯᠡᠷᠡᠭᠦᠯᠬᠦ᠂ ᠧᠦ᠋ᠷᠣᠫᠠ ᠲᠢᠪ ᠤᠨ ᠨᠡᠩ ᠤᠯᠠᠨ ᠰᠢᠯᠢᠳᠡᠭ ᠠᠵᠤ ᠠᠬᠤᠶᠢᠯᠠᠯ ᠤᠨ ᠥᠪᠥᠷ ᠮᠣᠩᠭᠤᠯ ᠢ ᠣᠶᠢᠯᠠᠭᠠᠬᠤ᠂ ᠥᠪᠥᠷ ᠮᠣᠩᠭᠤᠯ ᠳᠤ ᠢᠷᠡᠬᠦ ᠶᠢ ᠤᠷᠮᠠᠰᠢᠭᠤᠯᠬᠤ ᠶᠢᠨ ᠲᠥᠯᠥᠭᠡ᠂ 9 ᠳ᠋ᠣᠭᠡᠷ ᠰᠠᠷ᠎ᠠ ᠶᠢᠨ 21 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠧᠦ᠋ᠷᠣᠫᠠ ᠲᠢᠪ ᠲᠤ ᠬᠠᠨᠳᠤᠭᠤᠯᠤᠭᠰᠠᠨ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠡᠷᠭᠢᠯᠡᠪᠡ᠃ ᠳᠤᠮᠳᠠᠳᠤ ᠤᠯᠤᠰ ᠤᠨ ᠢᠰᠫᠠᠨᠢ ᠶᠢᠨ ᠠᠷᠠᠯᠵᠢᠶᠠᠨ ᠤ ᠨᠡᠶᠢᠭᠡᠮᠯᠢᠭ ᠤᠨ ᠲᠡᠷᠢᠭᠦᠯᠡᠭᠴᠢ ᠺᠠᠯᠦ᠋ᠰ · ᠪᠸᠢᠢᠯᠸᠢᠢᠽ ᠰᠦᠯᠵᠢᠶᠡᠨ ᠳᠡᠭᠡᠷ᠎ᠡ ᠪᠠᠶᠠᠷ ᠤᠨ ᠦᠭᠡ ᠬᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠣ᠋ ᠳ᠋ᠠᠩ ᠵᠧᠩ ᠰᠦᠯᠵᠢᠶᠡᠨ ᠭᠠᠳᠠᠨᠠᠬᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠢᠮᠠᠭ ᠬᠤᠳᠠ᠂ ᠬᠦᠷᠢᠶᠡᠯᠡᠩ ᠲᠣᠭᠤᠷᠢᠭ᠂ ᠧᠦ᠋ᠷᠣᠫᠠ ᠲᠢᠪ ᠤᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ᠂ ᠬᠤᠳᠠᠯᠳᠤᠭᠠᠨ ᠤ ᠨᠡᠶᠢᠭᠡᠮᠯᠢᠭ ᠤᠨ ᠲᠥᠯᠥᠭᠡᠯᠡᠭᠴᠢ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 60 ᠭᠠᠷᠤᠢ ᠬᠥᠮᠦᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠯᠪᠡᠷᠢ ᠪᠠᠷ ᠬᠤᠷᠠᠯ ᠳᠤ ᠣᠷᠣᠯᠴᠠᠪᠠ᠃        ᠳᠤᠮᠳᠠᠳᠤ ᠤᠯᠤᠰ ᠤᠨ ᠢᠰᠫᠠᠨᠢ ᠶᠢᠨ ᠠᠷᠠᠯᠵᠢᠶᠠᠨ ᠤ ᠨᠡᠶᠢᠭᠡᠮᠯᠢᠭ ᠤᠨ ᠲᠡᠷᠢᠭᠦᠯᠡᠭᠴᠢ ᠺᠠᠯᠦ᠋ᠰ · ᠪᠸᠢᠢᠯᠸᠢᠢᠽ  ᠠᠴᠠ ᠲᠤᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠨᠢ ᠥᠪᠥᠷ ᠮᠣᠩᠭᠤᠯ ᠪᠣᠯᠤᠨ ᠢᠰᠫᠠᠨᠢ ᠶᠢᠨ ᠬᠤᠭᠤᠷᠣᠨᠳᠣᠬᠢ ᠬᠥᠭᠦᠷᠭᠡ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠠᠬᠢᠭᠤᠯᠬᠤ ᠦᠢᠯᠡᠴᠢᠯᠡᠭᠡ ᠬᠠᠩᠭᠠᠬᠤ ᠰᠣᠯᠢᠯᠴᠠᠭᠠᠨ ᠤ ᠲᠠᠪᠴᠠᠩ ᠪᠣᠯᠤᠨ᠎ᠠ ᠭᠡᠵᠦ ᠢᠯᠡᠳᠬᠡᠪᠡ᠃ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ᠂ ᠮᠠᠯ ᠠᠵᠤ ᠠᠬᠤᠢ᠂ ᠠᠷᠠᠯᠵᠢᠶ᠎ᠠ᠂ ᠠᠵᠤ ᠦᠢᠯᠡᠳᠪᠦᠷᠢ ᠶᠢᠨ ᠲᠠᠯ᠎ᠠ ᠪᠠᠷ ᠬᠢ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠪᠠᠳᠠᠷᠠᠭᠤᠯᠵᠤ᠂ ᠧᠦ᠋ᠷᠣᠫᠠ ᠲᠢᠪ ᠪᠣᠯᠤᠨ ᠳᠤᠮᠳᠠᠳᠤ ᠤᠯᠤᠰ ᠤᠨ ᠤᠳᠤ ᠪᠠᠶᠢᠭ᠎ᠠ ᠬᠠᠷᠢᠯᠴᠠᠭᠠᠨ ᠤ ᠬᠤᠯᠪᠣᠭᠠᠰᠤ ᠶᠢ ᠭᠦᠢᠴᠡᠳ ᠠᠰᠢᠭᠯᠠᠨ ᠬᠠᠮᠵᠢᠯᠴᠠᠬᠤ ᠦᠢᠯᠡᠳᠦᠯ ᠦᠵᠡᠭᠦᠯᠵᠦ᠂ ᠨᠡᠩ ᠤᠯᠠᠨ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃         ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠤᠭᠤᠳ ᠲᠣᠰ ᠲᠣᠰ ᠣᠷᠣᠨ ᠪᠦᠰᠡ ᠶᠢᠨ ᠲᠦᠢᠮᠣ ᠪᠠᠶᠢᠳᠠᠯ ᠪᠠ ᠳᠠᠪᠠᠭᠤᠯᠢᠭ᠂ ᠰᠠᠭᠤᠷᠢ ᠢᠵᠢ ᠪᠥᠷᠢᠳᠦᠭᠦᠯᠬᠦ ᠪᠡᠯᠡᠳᠬᠡᠮᠵᠢ ᠲᠦᠬᠦᠭᠡᠷᠣᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ ᠭᠤᠤᠯᠳᠠᠯᠭ᠎ᠠ ᠵᠡᠷᠭᠡ ᠲᠠᠯ᠎ᠠ ᠪᠠᠷ ᠲᠠᠨᠢᠯᠴᠠᠭᠤᠯᠪᠠ᠃ ᠡᠮᠦᠨᠡᠬᠢ ᠬᠤᠭᠤᠴᠠᠭᠠᠨ ᠤ ᠭᠦᠢᠴᠡᠳ ᠬᠠᠷᠢᠯᠴᠠᠬᠤ ᠪᠠᠷ ᠳᠡᠮᠵᠢᠨ᠂ ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠨᠡᠶᠢᠭᠡᠮᠯᠢᠭ ᠨᠢ ᠲᠣᠰ ᠲᠣᠰ ᠡᠨᠧᠷᠭᠢ᠂ ᠠᠷᠤᠷ᠎ᠠ ᠶᠢᠨ ᠲᠣᠰᠣ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠲᠥᠮᠥᠰᠥ ᠳᠠᠷᠢᠬᠤ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠳᠤ ᠭᠧᠷᠮᠠᠨ᠂ ᠢᠰᠫᠠᠨᠢ᠂ ᠪᠧᠯᠬᠢ ᠠᠴᠠ ᠢᠷᠡᠭᠰᠡᠨ ᠠᠵᠤ ᠠᠬᠤᠶᠢᠯᠠᠯ ᠲᠠᠢ ᠬᠠᠮᠲᠤᠷᠠᠯᠴᠠᠬᠤ ᠰᠠᠨᠠᠮᠵᠢ ᠶᠢᠨ ᠭᠡᠷ᠎ᠡ ᠲᠣᠭᠲᠠᠪᠠ᠃ 
内蒙古线上招商引资推介会欧洲专场举办2.png 
 
 
ᠢᠷᠡᠯᠲᠡ᠄ ᠭᠠᠳᠠᠭᠠᠳᠤ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号