ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/9/30
     9 ᠳ᠋ᠦ᠋ᠭᠡᠷ ᠰᠠᠷ᠎ᠠ ᠶᠢᠨ 26 ᠤ ᠡᠳᠦᠷ᠂ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ︵ᠥᠷᠭᠡᠳᠬᠡᠭᠰᠡᠨ︶ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠳᠠᠶᠢᠴᠢᠯᠠᠨ ᠬᠠᠤᠯᠢ ᠪᠠᠷ ᠵᠠᠰᠠᠬᠤ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠤᠢ ᠪᠣᠯᠭᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠶᠢ ᠠᠵᠢᠯ ᠤᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠬᠤ ᠶᠢᠨ ᠬᠠᠮᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠬᠤᠳᠠ ᠶᠢᠨ ᠨᠠᠮ ᠤᠨ ᠬᠤᠷᠢᠶ᠎ᠡ ᠶᠢᠨ ᠡᠷᠬᠢᠯᠡᠭᠰᠡᠨ 7 ᠤᠳᠠᠭ᠎ᠠ ᠶᠢᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠳᠤ ᠳ᠋ᠦᠩᠨᠡᠯᠲᠡ ᠬᠢᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠲᠠᠶᠢᠴᠢᠯᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠭᠤᠣᠯᠳᠠᠯᠭ᠎ᠠ ᠲᠠᠢ ᠪᠠᠷ ︽ᠠᠷᠪᠠᠨ ᠨᠢᠭᠡ ᠶᠢ ᠪᠠᠷᠢᠮᠲᠠᠯᠠᠬᠤ︾  ᠲᠣᠭᠤᠷᠢᠨ ᠳᠤ ᠰᠢ ᠶᠢᠨ ᠫᠢᠩ ‍ᠤᠨ‌ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠣᠳᠣᠷᠬᠠᠶᠢᠯᠠᠨ ᠭᠦᠨᠵᠡᠭᠡᠶ ᠲᠠᠶᠢᠯᠪᠤᠷᠢᠯᠠᠵᠤ᠂ ᠪᠦᠬᠦ ᠬᠤᠳᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠢ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠤᠨ ᠬᠠᠤᠯᠢ ᠪᠠᠷ ᠵᠠᠰᠠᠬᠤ ᠪᠦᠳᠦᠭᠡᠨ ᠪᠠᠶᠢᠭᠤᠯᠤᠯᠲᠠ ᠶᠢᠨ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠪᠣᠣ ᠭᠠᠩ ᠠᠴᠠ᠂ ᠪᠦᠬᠦ ᠲᠠᠯ᠎ᠠ ᠪᠠᠷ ᠰᠢᠰᠲ᠋ᠧᠮ ᠲᠠᠢ᠂ ᠤᠤᠯ ᠶᠠᠩᠵᠤ ᠪᠠᠷ ᠨᠢ ᠪᠣᠳᠠᠲᠠᠢ ᠲᠠᠢ ᠤᠶᠠᠯᠳᠤᠭᠤᠯᠤᠨ ᠲᠤᠰᠬᠠᠢ ᠰᠡᠳᠦᠪᠲᠦ ᠰᠤᠷᠤᠯᠴᠠᠯᠭ᠎ᠠ ᠪᠠᠷ ᠳᠠᠮᠵᠢᠭᠤᠯᠵᠤ᠂ ᠣᠷᠣᠨ ᠤ ᠲᠥᠪ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠣᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠳᠤ ᠰᠢᠰᠲ᠋ᠧᠮ ᠲᠠᠢ ᠣᠶᠢᠯᠠᠭᠠᠯᠲᠠ ᠲᠠᠢ ᠪᠣᠯᠬᠤ ᠪᠥᠭᠡᠳ ᠭᠦᠨᠵᠡᠭᠡᠢ ᠲᠠᠨᠢᠯᠲᠠ ᠲᠠᠢ ᠪᠠᠶᠢᠬᠤ ᠭᠡᠷᠡᠭᠳᠡᠢ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠣᠷᠣᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠶ᠂ ᠰᠢᠰᠲ᠋ᠧᠮᠲᠦ ᠰᠡᠳᠬᠢᠬᠦᠶ᠂ ᠬᠠᠤᠯᠢ ᠪᠠᠷ ᠵᠠᠰᠠᠬᠤ ᠰᠡᠳᠬᠢᠬᠦᠶ᠂ ᠬᠤᠷᠢᠭ᠎ᠠ ᠱᠤᠭᠤᠮ ᠤᠨ ᠰᠡᠳᠬᠢᠬᠦᠶ ᠶᠢᠨ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠣᠷᠣᠨ ᠤ ᠲᠥᠪ ᠤᠨ ᠠᠵᠤ ᠠᠬᠤᠢ ᠶᠢᠨ ᠴᠢᠳᠠᠪᠤᠷᠢ ᠶᠢᠨ ᠲᠡᠰ᠂ ᠰᠣᠶᠣᠯ ᠤᠨ ᠴᠢᠳᠠᠪᠤᠷᠢ ᠶᠢᠨ ᠲᠡᠰ᠂ ᠵᠠᠰᠠᠯᠲᠠ ᠶᠢᠨ ᠴᠢᠳᠠᠪᠤᠷᠢ ᠶᠢᠨ ᠲᠡᠰ᠂ ᠠᠮᠢ ᠠᠬᠤᠢ ᠶᠢᠨ ᠴᠢᠳᠠᠪᠤᠷᠢ ᠶᠢᠨ ᠲᠡᠰ᠂ ᠡᠩᠨᠡᠭᠡ ᠶᠢᠨ ᠴᠢᠳᠠᠪᠤᠷᠢ ᠶᠢᠨ ᠲᠡᠰ᠂ ᠬᠥᠮᠦᠨ ᠠᠮᠠ ᠶᠢᠨ ᠴᠢᠳᠠᠪᠤᠷᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠡᠨ ᠬᠦ ᠨᠡᠩ ᠥᠨᠳᠥᠷ ᠵᠣᠭᠰᠣᠴᠠ᠂ ᠨᠡᠩ ᠨᠠᠷᠢᠯᠢᠭ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ᠂ ᠨᠡᠩ ᠪᠣᠳᠠᠲᠠᠢ ᠰᠤᠷᠲᠠᠯ ᠢᠶᠠᠷ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠨ ᠪᠦᠳᠦᠭᠡᠨ ᠪᠠᠶᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠲᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠡ ᠶᠢᠨ ᠱᠦᠵᠢ ᠼᠤᠤ ᠰᠧ ᠶᠠᠩ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠼᠤᠤ ᠰᠧ ᠶᠠᠩ᠂ ᠯᠢ ᠰᠢᠶᠤᠤ ᠶᠠᠨ᠂ ᠴᠧᠩ ᠵᠦᠩ ᠱᠧᠩ᠂ ᠬᠠᠨ ᠴᠢᠤᠸᠠᠨ ᠹᠧᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠪᠦᠬᠦ ᠬᠤᠳᠠ ᠶᠢᠨ ᠳᠡᠳ᠋ ᠲᠢᠩᠬᠢᠮ ᠤᠨ ᠲᠡᠰ ᠠᠴᠠ ᠳᠡᠭᠡᠭᠰᠢᠬᠢ ᠤᠳᠤᠷᠢᠳᠬᠤ ᠨᠥᠬᠦᠳ᠂ ᠬᠤᠳᠠ ᠶᠢᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ 
 
ᠢᠷᠡᠯᠲᠡ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号