ᠦᠬᠠᠶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠣᠷᠠᠯᠳᠠ ᠦᠭᠡᠢ ᠴᠢᠩᠭᠠᠳᠬᠠᠪᠠ
ᠨᠡᠶᠢᠲᠡᠯᠡᠭᠰᠡᠨ ᠴᠠᠭ᠄
2022/9/30
    ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠤ ᠤᠬᠠᠮᠰᠠᠷ ᠪᠠ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠦᠬᠠᠶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠪᠠ᠃ 
乌海市商务局不断加强商贸领域诚信体系建设.png 
     ᠨᠢᠭᠡ ᠳᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ ᠲᠠᠢ ᠤᠶᠠᠯᠳᠤᠭᠤᠯᠤᠨ᠂ ᠦᠨᠡᠨᠴᠢ ᠢᠲᠡᠭᠡᠮᠵᠢ ᠶᠢᠨ ᠠᠵᠢᠯ ᠲᠥᠷᠥᠯ᠂ ᠦᠨᠡᠨᠴᠢ ᠢᠲᠡᠭᠡᠮᠵᠢ ᠶᠢᠨ ᠨᠢᠭᠡᠴᠢ᠂ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠳᠡᠯᠭᠡᠭᠦᠷ ᠵᠡᠷᠭᠡ ᠤᠬᠠᠭᠤᠯᠭ᠎ᠠ ᠶᠢᠨ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠶᠢ ᠬᠥᠭᠵᠢᠭᠦᠯᠬᠦ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠪᠠ᠃       ᠬᠤᠶᠠᠷ ᠲᠤ᠂ ᠡᠯ᠎ᠡ ᠵᠦᠢᠯ ᠤᠨ ᠢᠲᠡᠭᠡᠮᠵᠢ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠬᠢᠨᠠᠨ ᠬᠠᠮᠢᠶᠠᠷᠬᠤ ᠠᠵᠢᠯ ᠲᠥᠷᠥᠯ ᠢ ᠠᠯᠬᠤᠮ ᠠᠯᠬᠤᠮ ᠢᠶᠠᠷ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠡᠩᠨᠡᠭᠡᠨ ᠳᠤ ᠣᠷᠣᠭᠤᠯᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠬᠥᠲᠥᠯᠦᠨ ᠵᠢᠯᠣᠭᠤᠳᠴᠤ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠥᠷᠨᠢᠭᠦᠯᠦᠨ᠂ ᠢᠲᠡᠭᠡᠮᠵᠢ ᠶᠢᠨ ᠲᠠᠰ ᠢᠶᠠᠷ ᠨᠡᠯᠢᠶᠡᠳ ᠰᠠᠶᠢᠨ ᠠᠵᠤ ᠠᠬᠤᠶᠢᠯᠠᠯ ᠤᠨ ᠲᠤᠷᠰᠢᠯᠭ᠎ᠠ ᠪᠠᠨ ᠴᠠᠭ ᠲᠤᠬᠠᠶ ᠳᠤ ᠨᠢ ᠰᠠᠶᠢᠲᠤᠷ ᠳ᠋ᠦᠩᠨᠡᠵᠦ ᠤᠬᠠᠭᠤᠯᠤᠨ ᠳᠡᠯᠭᠡᠷᠡᠭᠦᠯᠵᠦ᠂ ᠢᠲᠡᠭᠡᠮᠵᠢ ᠶᠢᠨ ᠲᠠᠰ ᠢᠶᠠᠷ ᠨᠡᠯᠢᠶᠡᠳ ᠳᠣᠤᠷ᠎ᠠ ᠠᠵᠤ ᠠᠬᠤᠶᠢᠯᠠᠯ ᠳᠤ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠠᠵᠢᠯ ᠲᠥᠷᠥᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠪᠠ᠃       ᠭᠤᠷᠪᠠ ᠳᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠳᠠᠶᠢᠴᠢᠯᠠᠨ ᠢᠲᠡᠭᠡᠮᠵᠢ ᠶᠢᠨ ᠠᠮᠠᠯᠠᠯᠲᠠ ᠵᠢᠴᠢ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠶᠢ ᠢᠳᠡᠪᠬᠢᠲᠡᠢ ᠥᠷᠨᠢᠭᠦᠯᠵᠦ᠂ ᠠᠷᠠᠯᠵᠢᠶ᠎ᠠ ᠬᠤᠳᠠᠯᠳᠤᠭᠠᠨ ᠤ ᠬᠦᠷᠢᠶᠡᠨ ᠤ ᠢᠲᠡᠭᠡᠮᠵᠢ ᠶᠢᠨ ᠠᠮᠠᠯᠠᠯᠲᠠ ᠶᠢᠨ ᠮᠡᠳᠡᠭᠡ ᠵᠠᠩᠭᠢ ᠪᠣᠯᠤᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠮᠡᠳᠡᠭᠡ ᠵᠠᠩᠭᠢ ᠶᠢ ᠪᠦᠬᠦᠨ ᠢ ᠴᠤᠭᠯᠠᠭᠤᠯᠬᠤ ᠶᠢ ᠪᠠᠲᠤᠯᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠨᠠᠶᠢᠳᠠᠪᠤᠷᠢᠵᠢᠭᠤᠯᠬᠤ ᠶᠢ ᠳᠠᠰᠤᠷᠠᠯᠳᠠ ᠦᠭᠡᠢ ᠴᠢᠩᠭᠠᠳᠬᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠪᠠ᠃ 
 
ᠢᠷᠡᠯᠲᠡ᠄ ᠦᠬᠠᠶ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号