2022 ᠣᠨ ᠤ 1 - 8 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯ ᠤᠨ ᠪᠠᠶᠢᠳᠠᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2022/9/30
   ᠪᠦᠬᠦ ᠤᠷᠤᠨ ᠤ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 3149.0 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠨᠡᠮᠡᠭᠳᠡᠪᠡ᠃ ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠠᠪᠴᠤ ᠦᠵᠡᠪᠡᠯ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠬᠤᠪᠢ ᠶᠢᠨ ᠵᠢᠩ ᠨᠡᠯᠢᠶᠡᠳ ᠶᠡᠭᠡ ᠪᠠᠶᠢᠵᠤ᠂ ᠡᠵᠡᠯᠡᠬᠦ ᠬᠠᠷᠢᠴᠠᠯ ᠨᠢ ᠲᠤᠰ ᠲᠤᠰ 21.3%᠂ 20.6%᠂ 12.4% ᠪᠣᠯᠤᠨ᠎ᠠ᠃ ᠨᠡᠮᠡᠭᠳᠡᠯ ᠤᠨ ᠬᠤᠷᠳᠤᠴᠠ ᠠᠴᠠ ᠠᠪᠴᠤ ᠦᠵᠡᠪᠡᠯ᠂ ᠣᠷᠳᠣᠰ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠨᠡᠯᠢᠶᠡᠳ ᠲᠦᠷᠭᠡᠨ ᠨᠡᠮᠡᠭᠳᠡᠵᠦ᠂ ᠲᠣᠰ ᠲᠣᠰ 4.1%᠂ 3.8%᠂ 3.2% ᠢᠶᠠᠷ ᠨᠡᠮᠡᠭᠳᠡᠪᠡ᠃ ᠪᠠᠶᠠᠨᠨᠠᠭᠤᠷ ᠬᠤᠳᠠ᠂ ᠤᠯᠠᠭᠠᠨᠴᠠᠪ ᠬᠤᠳᠠ᠂ ᠪᠤᠭᠤᠲᠤ ᠬᠤᠳᠠ ᠲᠤᠰ ᠲᠤᠰ 1.1%᠂ 0.9%᠂ 0.8% ᠪᠠᠷ ᠪᠠᠭᠤᠷᠠᠪᠠ᠃   ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ 946.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 10.3 ᠵᠠᠭᠤᠨ ᠤ ᠬᠤᠪᠢ ᠶᠢᠨ ᠴᠡᠭ ᠠᠴᠠ ᠥᠨᠳᠥᠷ ᠪᠣᠯᠪᠠ᠃ ᠡᠭᠦᠨ ᠳᠤ᠄ ᠭᠠᠳᠠᠭᠠᠳᠤ ᠭᠠᠷᠭᠠᠯᠲᠠ 399.3 ᠳ᠋ᠦᠩᠰᠢᠭᠤᠷ ᠲᠥᠭᠦᠷᠢᠭ ᠲᠤ ᠬᠦᠷᠴᠦ᠂ 33.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ 18.9 ᠵᠠᠭᠤᠨ ᠤ ᠴᠡᠭ ᠥᠨᠳᠥᠷ ᠪᠣᠯᠪᠠ︔ ᠭᠠᠳᠠᠭᠠᠳᠤ ᠣᠷᠣᠭᠤᠯᠤᠯᠲᠠ 546.8 ᠳ᠋ᠦᠩᠰᠢᠭᠤᠷ ᠲᠥᠭᠦᠷᠢᠭ ᠲᠤ ᠬᠦᠷᠴᠦ᠂ 12.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ 7.3 ᠵᠠᠭᠤᠨ ᠤ ᠴᠡᠭ ᠥᠨᠳᠥᠷ ᠪᠣᠯᠪᠠ᠃ ᠨᠡᠮᠡᠭᠳᠡᠯ ᠤᠨ ᠬᠡᠮᠵᠢᠶ᠎ᠡ ᠠᠴᠠ ᠠᠪᠴᠤ ᠦᠵᠡᠪᠡᠯ᠂ ᠪᠠᠶᠠᠨᠨᠠᠭᠤᠷ ᠬᠤᠲᠠ᠂ ᠣᠷᠳᠣᠰ ᠬᠤᠲᠠ᠂ ᠬᠥᠬᠡᠬᠤᠲᠠ᠂ ᠦᠬᠠᠶ ᠬᠤᠲᠠ ᠶᠢᠨ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ ᠨᠡᠯᠢᠶᠡᠳ ᠶᠡᠭᠡ ᠪᠠᠶᠢᠵᠤ᠂ ᠲᠣᠰ ᠲᠣᠰ 73.8 ᠳ᠋ᠦᠩᠰᠢᠭᠤᠷ ᠲᠥᠭᠦᠷᠢᠭ᠂ 57.8 ᠳ᠋ᠦᠩᠰᠢᠭᠤᠷ ᠲᠥᠭᠦᠷᠢᠭ᠂ 20.2 ᠳ᠋ᠦᠩᠰᠢᠭᠤᠷ ᠲᠥᠭᠦᠷᠢᠭ᠂ 7.8 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠬᠥᠬᠡᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠬᠥᠯᠥᠨ ᠪᠤᠶᠢᠷ ᠬᠤᠲᠠ᠂ ᠠᠯᠠᠱᠠ ᠠᠶᠢᠮᠠᠭ᠂ ᠦᠬᠠᠶ ᠬᠤᠲᠠ᠂ ᠬᠢᠩᠭᠠᠨ ᠠᠶᠢᠮᠠᠭ ᠵᠡᠷᠭᠡ 9 ᠠᠶᠢᠮᠠᠭ ᠬᠤᠲᠠ ᠶᠢᠨ ᠨᠡᠮᠡᠭᠳᠡᠯ ᠤᠨ ᠬᠡᠮᠵᠢᠶ᠎ᠡ 2 ᠣᠷᠣᠨᠲᠤ ᠲᠤᠭ᠎ᠠ ᠠᠴᠠ ᠳᠡᠭᠡᠭᠰᠢ ᠪᠠᠶᠢᠨ᠎ᠠ᠃ ᠣᠷᠳᠣᠰ ᠬᠤᠲᠠ ᠶᠢᠨ ᠭᠠᠳᠠᠭᠠᠳᠤ ᠭᠠᠷᠭᠠᠯᠲᠠ 144.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠨᠢᠭᠡᠳᠦᠭᠡᠷ ᠲᠤ ᠵᠢᠭᠰᠠᠭᠠᠪᠠ︔ ᠡᠷᠢᠶᠡᠨ ᠬᠤᠲᠠ᠂ ᠰᠢᠯᠢ ᠶᠢᠨ ᠭᠤᠤᠯ ᠠᠶᠢᠮᠠᠭ᠂ ᠮᠠᠨᠵᠤᠤᠷ ᠬᠤᠲᠠ᠂ ᠪᠤᠭᠤᠲᠤ ᠬᠤᠲᠠ ᠵᠡᠷᠭᠡ 4 ᠠᠶᠢᠮᠠᠭ ᠬᠤᠲᠠ ᠶᠢᠨ ᠪᠠᠭᠤᠷᠠᠭᠰᠠᠨ ᠬᠡᠮᠵᠢᠶ᠎ᠡ ᠨᠢ ᠲᠣᠰ ᠲᠣᠰ 23.9%᠂ 16.5%᠂ 4.8%᠂ 3.5% ᠪᠠᠷ ᠪᠠᠭᠤᠷᠠᠪᠠ᠃   ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ 33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 139.2% ︵5.2 ᠳ᠋ᠦᠩᠰᠢᠭᠤᠷ ᠳ᠋ᠣᠯᠯᠠᠷ ᠨᠤᠭᠤᠯᠤᠨ ᠪᠤᠳᠤᠵᠦ᠂ ᠠᠳᠠᠯᠢ ᠬᠤᠭᠤᠴᠠᠭᠠᠨ ᠤ ᠬᠢ ᠠᠴᠠ 160.1% ᠪᠠᠷ ᠨᠡᠮᠡᠭᠳᠡᠪᠡ︶᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠪᠦᠬᠦ ᠤᠯᠤᠰ ᠲᠤ 21 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 5 ᠳ᠋ᠤᠭᠠᠷ ᠲᠤ ᠵᠢᠭᠰᠠᠭᠠᠭᠳᠠᠪᠠ᠃ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 28 ᠪᠣᠯᠵᠤ᠂ ᠠᠳᠠᠯᠢ ᠬᠤᠭᠤᠴᠠᠭᠠᠨ ᠤ ᠬᠢ ᠠᠴᠠ 1 ᠨᠡᠮᠡᠭᠳᠡᠪᠡ᠃ ᠨᠡᠮᠡᠭᠳᠡᠯ ᠤᠨ ᠬᠡᠮᠵᠢᠶ᠎ᠡ ᠠᠴᠠ ᠠᠪᠴᠤ ᠦᠵᠡᠪᠡᠯ᠂ ᠬᠥᠬᠡᠬᠤᠲᠠ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠶᠢᠨ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠬᠤᠪᠢ ᠨᠡᠮᠡᠷᠢ ᠨᠢ ᠲᠡᠷᠢᠭᠦᠨ ᠳᠤ ᠣᠷᠣᠵᠤ᠂ 15.8 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠰᠢᠯᠢ ᠶᠢᠨ ᠭᠤᠤᠯ ᠠᠶᠢᠮᠠᠭ ᠨᠡᠯᠢᠶᠡᠳ ᠲᠦᠷᠭᠡᠨ ᠨᠡᠮᠡᠭᠳᠡᠵᠦ᠂ 17.8 ᠳᠠᠬᠢᠨ ᠨᠡᠮᠡᠭᠳᠡᠵᠡᠶ᠃ ᠪᠤᠭᠤᠲᠤ ᠬᠤᠲᠠ᠂ ᠬᠥᠯᠥᠨ ᠪᠤᠶᠢᠷ ᠬᠤᠲᠠ᠂ ᠠᠯᠠᠱᠠᠨ ᠠᠶᠢᠮᠠᠭ᠂ ᠡᠷᠢᠶᠡᠨ ᠬᠤᠲᠠ᠂ ᠲᠦᠩᠯᠢᠶᠣᠤ ᠬᠤᠲᠠ᠂ ᠬᠢᠩᠭᠠᠨ ᠠᠶᠢᠮᠠᠭ᠂ ᠦᠬᠠᠶ ᠬᠤᠲᠠ᠂ ᠮᠠᠨᠵᠤᠤᠷ ᠬᠤᠲᠠ ᠶᠢᠨ ᠪᠣᠳᠠᠲᠠᠶ ᠬᠡᠷᠡᠭᠯᠡᠭᠰᠡᠨ ᠭᠠᠳᠠᠭᠠᠳᠤ ᠶᠢᠨ ᠪᠡᠯᠡ ᠮᠥᠩᠭᠦ ᠨᠢ ᠲᠡᠭ᠃   ᠪᠥᠬᠦ ᠣᠷᠣᠨ ᠳᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠤ ᠪᠠᠯᠠ ᠣᠷᠣᠭᠤᠯᠤᠯᠲᠠ ᠶᠢᠨ ᠲᠥᠷᠥᠯ ᠵᠦᠢᠯ 14 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24 ᠬᠠᠰᠤᠭᠳᠠᠪᠠ᠃ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠤᠨ ᠪᠡᠯᠡ ᠣᠷᠣᠭᠤᠯᠤᠯᠲᠠ 23.38 ᠳ᠋ᠦᠩᠰᠢᠭᠤᠷ ᠳ᠋ᠣᠯᠯᠠᠷ ᠬᠦᠷᠴᠦ ᠠᠳᠠᠯᠢ ᠬᠤᠭᠤᠴᠠᠭᠠᠨ ᠤ ᠬᠢ ᠠᠴᠠ 4.46 ᠳᠠᠬᠢᠨ ᠨᠡᠮᠡᠭᠳᠡᠵᠡᠢ᠃ 1 - 8 ᠳ᠋ᠤᠭᠠᠷ ᠰᠠᠷ᠎ᠠ ᠳᠤ᠂ ᠭᠠᠳᠠᠭᠠᠳᠤ ᠳᠤ ᠪᠣᠳᠠᠲᠠᠶ ᠪᠠᠯᠠ ᠣᠷᠣᠭᠤᠯᠤᠭᠰᠠᠨ ᠬᠡᠮᠵᠢᠶ᠎ᠡ 7.85 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 ᠳᠠᠬᠢᠨ ᠨᠡᠮᠡᠭᠳᠡᠨ᠂ ᠪᠥᠬᠦ ᠤᠯᠤᠰ ᠤᠨ 18 ᠳ᠋ᠤᠭᠠᠷ ᠪᠠᠶᠢᠷᠢᠨ ᠳᠤ ᠣᠷᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3 ᠳ᠋ᠤᠭᠠᠷ ᠪᠠᠶᠢᠷᠢᠨ ᠳᠤ ᠣᠷᠣᠪᠠ᠃ ᠨᠡᠮᠡᠭᠳᠡᠯ ᠤᠨ ᠬᠡᠮᠵᠢᠶ᠎ᠡ ᠠᠴᠠ ᠠᠪᠴᠤ ᠦᠵᠡᠪᠡᠯ᠂ ᠬᠥᠬᠡᠬᠤᠲᠠ᠂ ᠤᠯᠠᠭᠠᠨᠬᠠᠳᠠ ᠬᠤᠲᠠ ᠪᠥᠬᠦ ᠣᠷᠣᠨ ᠤ ᠭᠠᠳᠠᠭᠠᠳᠤ ᠳᠠᠬᠢ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠨᠡᠮᠡᠭᠳᠡᠯ ᠤᠨ ᠬᠡᠮᠵᠢᠶ᠎ᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠣᠷᠣᠵᠤ᠂ ᠲᠣᠰ ᠲᠣᠰ 17.6 ᠪᠠ 3.6 ᠳ᠋ᠦᠩᠰᠢᠭᠤᠷ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠠᠪᠴᠤ ᠦᠵᠡᠪᠡᠯ᠂ ᠬᠥᠬᠡᠬᠤᠲᠠ᠂ ᠤᠯᠠᠭᠠᠨᠬᠠᠳᠠ ᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 22.3 ᠳᠠᠬᠢᠨ᠂ 3.3 ᠳᠠᠬᠢᠨ ᠨᠡᠮᠡᠭᠳᠡᠪᠡ᠃   ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3155.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2% ᠢᠶᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 8 ᠵᠠᠭᠤᠨ ᠤ ᠴᠡᠭ ᠪᠠᠭᠠᠰᠪᠠ︔ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2732.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 422.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.6% ᠪᠠᠷ ᠪᠠᠭᠤᠷᠠᠪᠠ᠃ ᠤᠷᠤᠰ ᠯᠤᠭ᠎ᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 10300 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠪᠠᠷ ᠪᠠᠭᠤᠷᠠᠪᠠ︔ ᠮᠤᠩᠭᠤᠯ ᠳᠠᠬᠢ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2125.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠪᠠᠭᠤᠷᠠᠪᠠ᠃ ᠭᠠᠭᠴᠠᠮᠤᠳᠤ ᠬᠢᠯᠢ ᠶᠢᠨ ᠪᠣᠭᠤᠮᠲᠠ ᠶᠢᠨ ᠬᠢᠨ 5 ᠰᠠᠷ᠎ᠠ᠂ ᠮᠠᠨᠳᠣᠯ ᠪᠣᠭᠤᠮᠲᠠ ᠶᠢᠨ ᠬᠢᠨ 7 ᠰᠠᠷ᠎ᠠ ᠳᠤ ᠤᠷᠢᠳ ᠬᠤᠵᠢᠳ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ ᠰᠥᠭᠡᠷᠭᠦ ᠪᠠᠶᠢᠭᠰᠠᠨ ᠠᠴᠠ ᠡᠶᠡᠷᠡᠬᠦ ᠪᠣᠯᠭᠠᠬᠤ ᠶᠢ ᠪᠡᠶᠡᠯᠡᠭᠦᠯᠦᠭᠰᠡᠨ ᠪᠥᠭᠡᠳ ᠨᠡᠮᠡᠭᠳᠡᠯ ᠤᠨ ᠬᠡᠮᠵᠢᠶ᠎ᠡ ᠶᠢ ᠲᠣᠭᠲᠠᠭᠤᠨ ᠢᠶᠠᠷ ᠥᠷᠭᠡᠳᠬᠡᠪᠡ᠃ 8 ᠳ᠋ᠤᠭᠠᠷ ᠰᠠᠷ᠎ᠠ ᠳᠤ᠂ ᠪᠤᠰᠤᠳ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠮᠥᠨ ᠯᠡ ᠰᠥᠭᠡᠷᠭᠦ ᠬᠡᠮᠵᠢᠭᠳᠡᠯ ᠪᠣᠯᠤᠭᠰᠠᠨ ᠪᠣᠯᠪᠠᠴᠤ ᠪᠠᠭᠤᠷᠠᠯᠲᠠ ᠶᠢᠨ ᠬᠡᠮᠵᠢᠶ᠎ᠡ ᠪᠠᠭᠠᠰᠤᠭᠰᠠᠨ ᠪᠠᠶᠢᠨ᠎ᠠ᠃ ᠨᠡᠮᠡᠭᠳᠡᠯ ᠤᠨ ᠬᠡᠮᠵᠢᠶ᠎ᠡ ᠠᠴᠠ ᠠᠪᠴᠤ ᠦᠵᠡᠪᠡᠯ᠂ ᠴᠡᠭᠡ ᠵᠠᠰᠠᠮᠠᠯ ᠵᠠᠮ ᠤᠨ ᠪᠣᠭᠤᠮᠲᠠ᠂ ᠭᠠᠭᠴᠠᠮᠣᠳᠣ ᠵᠠᠰᠠᠮᠠᠯ ᠵᠠᠮ ᠤᠨ ᠪᠣᠭᠤᠮᠲᠠ ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠨᠢ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢᠨ ᠳᠡᠭᠡᠭᠰᠢᠯᠡᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠨᠡᠯᠢᠶᠡᠳ ᠶᠡᠭᠡ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠡᠪᠣᠳᠡᠭ ᠵᠠᠰᠠᠮᠠᠯ ᠵᠠᠮ ᠤᠨ ᠪᠣᠭᠤᠮᠲᠠ ᠂ ᠴᠡᠭᠡ ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠨᠡᠯᠢᠶᠡᠳ ᠲᠦᠷᠭᠡᠨ ᠨᠡᠮᠡᠭᠳᠡᠵᠦ᠂ ᠲᠣᠰ ᠲᠣᠰ 51.6%᠂ 48.7%᠂ 46.0% ᠨᠡᠮᠡᠭᠳᠡᠪᠡ᠃ 
 
ᠢᠷᠡᠯᠲᠡ᠄ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号