ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠬᠠᠮᠲᠤᠷᠠᠨ ᠮᠠᠨ ᠤ ᠬᠤᠲᠠ ᠶᠢᠨ ᠶᠧᠪᠡᠩ ᠪᠣᠷᠣᠯᠠᠭᠤᠯᠬᠤ ᠵᠠᠬ᠎ᠠ ᠳᠡᠯᠭᠡᠭᠦᠷ ᠢ ᠬᠢᠨᠠᠨ ᠵᠢᠯᠣᠭᠤᠳᠣᠪᠠ
ᠨᠡᠶᠢᠲᠡᠯᠡᠭᠰᠡᠨ ᠴᠠᠭ᠄
2022/9/7
    ︽ᠦᠨᠳᠦᠷ ᠦᠨᠡᠳᠣ ᠶᠧᠪᠡᠩ︾ ᠤᠨ ᠳᠠᠬᠢᠨ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠶᠧᠪᠡᠩ ᠤᠨ ᠵᠠᠬ᠎ᠠ ᠳᠡᠯᠭᠡᠭᠦᠷ ᠤᠨ ᠵᠢᠷᠤᠮᠵᠢᠭᠤᠨ ᠡᠵᠡᠩᠨᠡᠯᠲᠡ ᠶᠢ ᠠᠬᠢᠭᠤᠯᠵᠤ᠂ 9 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠲᠤᠷᠠᠭᠰᠠᠨ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠮᠠᠨ ᠤ ᠬᠤᠲᠠ ᠶᠢᠨ ᠪᠡᠭᠡᠵᠢᠩ ᠤᠨ ᠬᠤᠸᠠ ᠯᠢᠶᠠᠨ᠂ ᠬᠤᠸᠠ ᠷᠦᠨ ᠸᠠᠨ ᠵᠢᠶᠠ᠂ ᠪᠠᠶ ᠵᠢᠶᠠ ᠷᠦᠨ᠂ ᠱᠢ ᠴᠢᠶᠣᠸᠠᠨ ᠱᠢ ᠮᠸᠢ ᠶᠢᠨ ᠬᠥᠮᠥᠷᠭᠡ ᠶᠢᠨ ᠭᠡᠰᠢᠭᠦᠨ ᠤ ᠳᠡᠯᠭᠡᠭᠦᠷ ᠵᠡᠷᠭᠡ ᠠᠵᠤ ᠠᠬᠤᠶᠢᠯᠠᠯ ᠳᠤ ︽ᠦᠨᠳᠦᠷ ᠦᠨᠡᠳᠣ ᠶᠧᠪᠡᠩ︾ ᠢ ᠰᠢᠪᠠᠳᠠᠨ ᠵᠢᠯᠣᠭᠤᠳᠴᠤ᠂ ᠶᠧᠪᠡᠩ ᠤᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠵᠢᠷᠤᠮᠵᠢᠭᠤᠨ ᠡᠵᠡᠩᠨᠡᠯᠲᠡ ᠶᠢ ᠵᠢᠯᠣᠭᠤᠳᠴᠤ᠂ ᠶᠧᠪᠡᠩ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠪᠠ᠃
商务部门联合督导我市月饼销售市场1.png    
         ᠰᠢᠪᠠᠳᠠᠨ ᠪᠠᠶᠢᠴᠠᠭᠠᠬᠤ ᠳᠤᠮᠳᠠ ᠪᠣᠷᠣᠯᠠᠭᠤᠯᠭ᠎ᠠ ᠶᠢᠨ ᠠᠵᠤ ᠠᠬᠤᠶᠢᠯᠠᠯ ᠳᠤ ᠶᠧᠪᠡᠩ ᠤᠨ ︽ᠦᠨᠳᠦᠷ ᠦᠨ᠎ᠡ︾ ᠪᠠᠷ ᠪᠣᠷᠣᠯᠠᠭᠤᠯᠬᠤ᠂ ᠬᠡᠲᠦᠷᠡᠲᠡᠯ᠎ᠡ ᠪᠣᠭᠤᠳᠠᠯᠯᠠᠬᠤ ᠵᠡᠷᠭᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠴᠥᠮ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠨᠡᠶᠢᠲᠡᠯᠡᠭᠰᠡᠨ ︽ᠶᠧᠪᠡᠩ ᠤᠨ ︿ᠦᠨᠳᠦᠷ ᠦᠨ᠎ᠡ﹀ ᠶᠢ ᠬᠢᠵᠠᠭᠠᠷᠯᠠᠬᠤ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠠᠯᠪᠠᠨ ᠵᠠᠷ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠵᠦ᠂ ᠡᠭᠦᠨ ᠤ ᠵᠡᠷᠭᠡ ᠳᠤ ᠠᠵᠤ ᠠᠬᠤᠶᠢᠯᠠᠯ ᠢ ᠰᠢᠪᠠᠳᠠᠨ ᠱᠠᠭᠠᠷᠳᠠᠵᠤ ᠪᠠᠶᠢᠭᠠᠳ ᠬᠤᠳᠠᠯᠳᠤᠨ ᠠᠪᠬᠤ ᠪᠣᠭᠤᠮᠲᠠ ᠶᠢ ᠰᠠᠶᠢᠲᠤᠷ ᠠᠳᠬᠤᠵᠤ᠂ ᠥᠪᠡᠷ ᠢ ᠪᠠᠨ ᠪᠠᠶᠢᠴᠠᠭᠠᠬᠤ ᠶᠢ ᠥᠷᠨᠢᠭᠦᠯᠦᠨ᠂ ︽ᠥᠨᠳᠥᠷ ᠦᠨ᠎ᠡ ᠲᠠᠢ ᠶᠧᠪᠡᠩ︾ ᠪᠣᠷᠣᠯᠠᠭᠤᠯᠬᠤ ᠶᠢ ᠡᠬᠢ ᠡᠭᠦᠰᠦᠯ ᠠᠴᠠ ᠨᠢ ᠲᠠᠰᠤ ᠵᠣᠭᠰᠣᠭᠠᠵᠤ᠂ ᠬᠤᠯᠪᠣᠭᠳᠠᠯ ᠪᠦᠬᠦᠢ ᠲᠣᠭᠲᠠᠭᠠᠯ ᠢ ᠲᠦᠷᠦᠭᠦᠯᠡᠨ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠶᠧᠪᠡᠩ ᠢ ᠢᠳᠡᠭᠡᠨ ᠤ ᠮᠥᠨ ᠴᠢᠨᠠᠷ ᠲᠤ ᠪᠤᠴᠠᠭᠠᠵᠤ᠂ ᠣᠯᠠᠨ ᠲᠦᠮᠡᠨ ᠤ ᠬᠢᠮᠳᠠ ᠪᠥᠭᠡᠳ ᠴᠢᠨᠠᠷ ᠰᠠᠶᠢᠲᠠᠶ ᠶᠧᠪᠡᠩ ᠡᠳ᠋ᠯᠡᠬᠦ ᠦᠨᠳᠦᠰᠦᠨ ᠬᠡᠷᠡᠭᠴᠡᠭᠡ ᠶᠢ ᠬᠠᠩᠭᠠᠬᠤ ᠬᠡᠷᠡᠭᠲᠡᠶ ᠭᠡᠵᠡᠶ᠃
商务部门联合督导我市月饼销售市场2.png 
 
 
ᠢᠷᠡᠯᠲᠡ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号