ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠮᠣ ᠬᠡᠯᠪᠡᠷᠢ ᠶᠢᠨ ᠵᠣᠴᠢᠳ ᠤᠨ ᠪᠠᠭᠤᠳᠠᠯ  ᠢᠶᠠᠷ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠦᠷᠨᠢᠬᠦᠯᠪᠠ
ᠨᠡᠶᠢᠲᠡᠯᠡᠭᠰᠡᠨ ᠴᠠᠭ᠄
2022/9/9
     ᠨᠠᠢᠮᠠᠨ ᠰᠠᠷ᠎ᠠ ᠶᠢᠨ ᠲᠡᠷᠭᠡᠯ ᠰᠠᠷᠡᠨ ᠤ ᠪᠠᠶᠠᠷ ᠣᠶᠢᠷᠠᠳᠴᠤ᠂ ᠲᠣᠮᠣ ᠬᠡᠯᠪᠡᠷᠢ ᠶᠢᠨ ᠵᠣᠴᠢᠳ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠴᠠᠭ ᠲᠤᠬᠠᠶ ᠳᠤ ᠨᠢ ᠪᠠᠶᠢᠴᠠᠭᠠᠨ ᠠᠷᠢᠯᠭᠠᠬᠤ ᠶᠢᠨ ᠲᠥᠯᠥᠭᠡ᠂ 9 ᠰᠠᠷ᠎ᠠ ᠶᠢᠨ 6 ᠤ ᠡᠳᠦᠷ ᠠᠴᠠ ᠡᠬᠢᠯᠡᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠤᠷᠪᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠪᠥᠬᠦ ᠬᠤᠲᠠ ᠶᠢᠨ ᠲᠣᠮᠣ ᠬᠡᠯᠪᠡᠷᠢ ᠶᠢᠨ ᠵᠣᠴᠢᠳ ᠤᠨ ᠪᠠᠭᠤᠳᠠᠯ ᠳᠤ ᠨᠠᠢᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠠ᠃        ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠩ ᠲᠠᠢ ᠯᠠᠨ ᠬᠠᠶ ᠮᠢᠩ ᠳ᠋ᠦ᠋ ᠠᠮᠠᠷᠠᠯᠲᠠ ᠶᠢᠨ ᠡᠳᠦᠷ ᠤᠨ ᠪᠠᠭᠤᠳᠠᠯ᠂ ᠶᠤᠸᠠᠢ ᠬᠠᠶ ᠶᠡᠭᠡ ᠪᠠᠭᠤᠳᠠᠯ᠂ ᠢᠦᠶ ᠬᠤᠤ ᠣᠯᠠᠨ ᠤᠯᠤᠰ ᠤᠨ ᠪᠠᠭᠤᠳᠠᠯ᠂ ᠭᠧ ᠯᠠᠨ ᠶᠦᠨ ᠲᠢᠶᠠᠨ ᠣᠯᠠᠨ ᠤᠯᠤᠰ ᠤᠨ ᠪᠠᠭᠤᠳᠠᠯ ᠵᠡᠷᠭᠡ ᠪᠦᠬᠦ ᠬᠤᠲᠠ ᠶᠢᠨ 15 ᠭᠤᠣᠯᠳᠠᠯᠭ᠎ᠠ ᠲᠠᠢ ᠵᠣᠴᠢᠳ ᠤᠨ ᠪᠠᠭᠤᠳᠠᠯ ᠳᠤ ᠪᠠᠶᠢᠴᠠᠭᠠᠯᠲᠠ ᠬᠢᠵᠡᠶ᠃ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ ᠵᠢᠴᠢ ᠠᠵᠢᠯᠲᠠᠨ ᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠬᠢᠨᠠᠨ ᠵᠢᠯᠣᠭᠤᠳᠴᠤ ᠪᠠᠶᠢᠴᠠᠭᠠᠯᠲᠠ ᠬᠢᠵᠦ᠂ ᠬᠡᠰᠡᠭ ᠲᠤᠬᠠᠶ ᠶᠢᠨ ᠲᠠᠯᠠᠪᠤᠷ ᠲᠤ ᠢᠯᠡᠷᠡᠭᠦᠯᠦᠭᠰᠡᠨ ᠠᠮᠠᠪᠴᠢ ᠵᠡᠭᠦᠭᠰᠡᠨ ᠨᠢ ᠵᠢᠷᠤᠮᠵᠢᠯ ᠥᠬᠡᠶ᠂ ᠦᠬᠠᠶ ᠶᠢᠨ ᠬᠢᠵᠢᠭ ᠤᠨ ᠨᠣᠮᠧᠷ ᠢ ᠰᠢᠷᠪᠢᠭᠰᠡᠨ ᠨᠢ ᠴᠢᠩᠭ᠎ᠠ ᠪᠢᠰᠢ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ᠂ ᠭᠠᠯ ᠤᠨᠲᠠᠷᠠᠭᠠᠭᠤᠷ ᠤᠨ ᠬᠤᠭᠤᠴᠠᠭ᠎ᠠ ᠥᠩᠭᠡᠷᠡᠭᠰᠡᠨ ᠵᠢᠴᠢ ᠲᠤᠭ᠎ᠠ ᠬᠡᠮᠵᠢᠶ᠎ᠡ ᠨᠢ ᠬᠦᠷᠦᠯᠴᠡᠬᠦ ᠥᠬᠡᠶ ᠵᠡᠷᠭᠡ ᠠᠮᠤᠷ ᠲᠦᠪᠰᠢᠨ ᠤ ᠠᠰᠠᠭᠤᠳᠠᠯ ᠳᠤ ᠨᠢᠭᠡᠨᠲᠡ ᠬᠠᠮᠢᠶ᠎ᠠ ᠪᠥᠬᠦᠶ ᠠᠵᠤ ᠠᠬᠤᠶᠢᠯᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃
市商务局对大型宾馆酒店开展中秋期间 疫情防控和安全生产大检查1.png 
市商务局对大型宾馆酒店开展中秋期间 疫情防控和安全生产大检查2.png  
        ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ ᠠᠶᠠᠨᠴᠢᠳ ᠤᠨ ᠲᠤᠭ᠎ᠠ ᠵᠣᠬᠢᠬᠤ ᠬᠡᠮᠵᠢᠶ᠎ᠡ ᠪᠠᠷ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠶᠤᠯ ᠦᠭᠡᠢ ᠦᠢᠯᠡᠳᠪᠦᠷᠢᠯᠡᠬᠦ ᠶᠢ ᠨᠠᠩ ᠣᠮᠲᠣᠭᠠᠶᠢᠯᠠᠵᠤ ᠪᠣᠯᠤᠰᠢ ᠥᠬᠡᠶ ᠪᠣᠯᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠪᠠᠶᠢᠴᠠᠭᠠᠨ ᠰᠢᠯᠭᠠᠬᠤ ᠤᠳᠠᠭ᠎ᠠ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠢ︔ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠷᠠᠭᠤᠯᠤᠨ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠨᠡᠪᠲᠡᠷᠡᠯᠴᠡᠭᠡ ᠬᠠᠷᠢᠯᠴᠠᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ᠂ ᠲᠡᠷᠡ ᠳᠠᠷᠤᠶ ᠳᠤ ᠨᠢ ᠳᠡᠭᠡᠭᠰᠢ ᠮᠡᠳᠡᠭᠦᠯᠬᠦ ᠬᠡᠷᠡᠭᠲᠡᠶ︔ ᠪᠠᠷᠠᠭᠠᠨ ᠤ ᠢᠷᠡᠯᠳᠡ  ᠪᠣᠯᠣᠨ ᠬᠤᠳᠠᠯᠳᠤᠨ ᠠᠪᠬᠤ ᠶᠢ ᠴᠢᠩᠭᠠᠳᠬᠠᠵᠤ᠂ ᠭᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠳᠣᠯᠠᠬᠤ ᠭᠡᠷᠡᠭᠳᠡᠢ ᠭᠡᠪᠡ᠃
 市商务局对大型宾馆酒店开展中秋期间 疫情防控和安全生产大检查3.png    
        ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠢᠨᠠᠨ ᠵᠢᠯᠣᠭᠤᠳᠴᠤ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠣᠮᠣ ᠬᠡᠯᠪᠡᠷᠢ ᠶᠢᠨ ᠵᠣᠴᠢᠳ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠪᠠᠳᠣᠯᠠᠬᠤ ᠪᠣᠯᠣᠨ᠎ᠠ᠃ 
 
ᠢᠷᠡᠯᠲᠡ᠄ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号