ᠲᠣᠰᠣ ᠨᠡᠮᠡᠬᠦ ᠥᠷᠲᠡᠭᠡ ᠶᠢᠨ ᠳᠤᠤᠷ᠎ᠠ ᠦᠨ᠎ᠡ + ᠤᠷᠢᠳᠴᠢᠯᠠᠨ ᠥᠭᠬᠦ ᠰᠦᠢᠳᠬᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠬᠦ ᠲᠤᠬᠠᠢ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠠᠵᠢᠯᠯᠠᠭ᠎ᠠ ᠥᠷᠨᠢᠭᠦᠯᠵᠦ ᠪᠣᠶ
ᠨᠡᠶᠢᠲᠡᠯᠡᠭᠰᠡᠨ ᠴᠠᠭ᠄
2023/1/13
    ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠷᠣᠭᠠᠨ ᠠᠴᠠ ᠡᠮᠦᠨ᠎ᠡ ᠴᠤᠪᠠ ᠨᠥᠮᠥᠷᠬᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨᠬᠤᠸᠠ ᠬᠤᠷᠢᠶᠠᠨ ᠤ ᠪᠤᠰᠤᠳ ᠵᠠᠷᠢᠮ ᠮᠤᠵᠢ ᠣᠷᠣᠨ ᠤ ᠬᠡᠰᠡᠭ ᠲᠣᠰᠣ ᠨᠡᠮᠡᠬᠦ ᠥᠷᠲᠡᠭᠡ ᠶᠢᠨ ︽ᠳᠣᠤᠷ᠎ᠠ ᠦᠨ᠎ᠡ + ᠤᠷᠢᠳᠴᠢᠯᠠᠨ ᠥᠭᠬᠦ ᠰᠦᠢᠳᠭᠡᠯ︾ ᠳᠤ ᠲᠦᠰᠢᠭᠯᠡᠨ ᠬᠡᠷᠡᠭᠯᠡᠭᠴᠢᠳ ᠢ ᠲᠠᠲᠠᠵᠤ ᠲᠣᠭᠲᠠᠭᠤᠨ ᠪᠠᠶᠢᠳᠠᠯ ᠳᠤ ᠬᠤᠯᠪᠣᠭᠳᠠᠬᠤ ᠳᠠᠯᠳᠠ ᠬᠡᠮ ᠢ ᠠᠷᠢᠯᠭᠠᠬᠤ ᠲᠤᠬᠠᠶ ᠰᠤᠳᠤᠯᠤᠨ ᠪᠠᠶᠢᠷᠢᠯᠠᠭᠤᠯᠵᠤ ᠲᠤᠰᠬᠠᠶ ᠵᠦᠢᠯ ᠢᠶᠠᠷ ᠳᠥᠯᠭᠢᠨ ᠠᠬᠢᠭᠤᠯᠵᠤ᠂ ᠰᠢᠷᠢᠰ ︽ᠬᠠᠮ ᠠᠷᠭ᠎ᠠ ᠬᠡᠮᠵᠢᠶ᠎ᠡ︾ ᠠᠪᠴᠤ᠂ ᠰᠠᠷ᠎ᠠ ᠢᠯᠡᠭᠦᠦ ᠦᠷᠭᠦᠯᠵᠢᠯᠡᠨ ᠠᠵᠢᠯᠯᠠᠬᠤ ᠪᠠᠷ ᠳᠠᠮᠵᠢᠨ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠥᠬᠦ ᠣᠷᠣᠨ ᠤ 3766 ᠲᠣᠰᠣ ᠨᠡᠮᠡᠬᠦ ᠥᠷᠲᠡᠭᠡ ᠳᠤ ︽ᠲᠣᠤᠷᠵᠢᠭᠤᠯᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠳᠠᠭᠠᠵᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠬᠢᠵᠦ᠂ ᠠᠵᠢᠯ ᠲᠥᠷᠥᠯ ᠤᠨ ᠨᠡᠶᠢᠭᠡᠮᠯᠢᠭ ᠢ ᠵᠣᠬᠢᠴᠠᠭᠤᠯᠵᠤ ᠲᠦᠭᠰᠢᠭᠦᠷᠢ ᠶᠢᠨ ᠰᠠᠨᠠᠭᠤᠯᠤᠮᠵᠢ ᠬᠢᠵᠦ᠂ ᠠᠶᠢᠮᠠᠭ ᠬᠤᠲᠠ ᠶᠢ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠤᠭᠯᠠᠭᠤᠯᠤᠨ ᠬᠤᠷᠢᠶᠠᠩᠭᠤᠶᠢᠯᠠᠵᠤ ᠭᠤᠷᠪᠠ ᠤᠳᠠᠭ᠎ᠠ ᠪᠠᠶᠢᠴᠠᠭᠠᠵᠤ ︵ᠵᠢᠭᠰᠠᠭᠠᠨ ᠪᠠᠶᠢᠴᠠᠭᠠᠬᠤ᠂ ᠪᠠᠶᠢᠴᠠᠭᠠᠬᠤ᠂ ᠰᠤᠭᠤᠴᠢᠨ ᠪᠠᠶᠢᠴᠠᠭᠠᠬᠤ︶ ᠲᠤᠭ᠎ᠠ ᠪᠠᠷᠢᠮᠲᠠ ᠢᠳᠡᠪᠬᠢᠲᠡᠢ ᠦᠷ᠎ᠡ ᠪᠦᠲᠦᠮᠵᠢ ᠣᠯᠪᠠ᠃     ᠨᠢᠭᠡ᠂ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠣᠶᠢᠯᠭᠠᠨ ᠵᠢᠭᠰᠠᠭᠠᠬᠤ ᠠᠵᠢᠯᠯᠠᠭ᠎ᠠ ᠶᠢ ᠳᠠᠷᠤᠶ ᠲᠦᠷᠭᠡᠨ ᠡᠬᠢᠯᠡᠭᠦᠯᠵᠦ᠂ ᠲᠣᠰᠣ ᠨᠡᠮᠡᠬᠦ ᠥᠷᠲᠡᠭᠡ ᠶᠢᠨ ᠭᠠᠭᠴᠠ ᠬᠡᠷᠡᠭᠴᠡᠭᠡᠲᠦ ᠬᠤᠳᠠᠯᠳᠤᠭᠠᠨ ᠤ ᠤᠷᠢᠳᠴᠢᠯᠠᠨ ᠥᠭᠬᠦ ᠺᠠᠷᠲ ᠢ ᠵᠢᠭᠰᠠᠭᠠᠨ ᠪᠠᠶᠢᠴᠠᠭᠠᠬᠤ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠤᠨ ᠲᠣᠰᠣ ᠨᠡᠮᠡᠬᠦ ᠥᠷᠲᠡᠭᠡ ᠶᠢᠨ ᠭᠠᠭᠴᠠ ᠬᠡᠷᠡᠭᠴᠡᠭᠡᠲᠦ ᠬᠤᠳᠠᠯᠳᠤᠭᠠᠨ ᠤ ᠤᠷᠢᠳᠴᠢᠯᠠᠨ ᠥᠭᠬᠦ ᠺᠠᠷᠲ ᠢᠶᠠᠷ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠲᠤᠰᠬᠠᠶ ᠵᠢᠭᠰᠠᠭᠠᠨ ᠪᠠᠶᠢᠴᠠᠭᠠᠯᠲᠠ ᠬᠢᠵᠦ᠂ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠦᠳᠲᠡᠷ ᠲᠦᠷᠭᠡᠨ ᠮᠡᠳᠡᠭᠦᠯᠵᠦ ᠬᠤᠷᠢᠶᠠᠩᠭᠤᠶᠢᠯᠠᠪᠠ᠃ ᠡᠭᠦᠨ ᠤ ᠬᠠᠮᠲᠤ ᠬᠠᠷᠢᠶ᠎ᠠ ᠭᠠᠵᠠᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠲᠣᠰᠣ ᠨᠡᠮᠡᠬᠦ ᠥᠷᠲᠡᠭᠡ ᠶᠢᠨ ᠬᠡᠷᠡᠭᠯᠡᠭᠡᠨ ᠤ ᠵᠢᠭᠤᠷᠠᠯᠳᠤᠭᠠᠨ ᠤ ᠬᠡᠷᠡᠭ ᠢ ᠲᠣᠬᠢᠲᠠᠶ ᠰᠢᠢᠳᠪᠦᠷᠢᠯᠡᠵᠦ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠭᠦᠯᠪᠡ᠃     ᠡᠯ᠎ᠡ ᠠᠶᠢᠮᠠᠭ ᠬᠤᠲᠠ ᠶᠢᠨ ᠵᠢᠭᠰᠠᠭᠠᠨ ᠪᠠᠶᠢᠴᠠᠭᠠᠯᠲᠠ ᠪᠠᠷ ᠳᠠᠮᠵᠢᠭᠠᠳ᠂ ᠪᠦᠬᠦ ᠣᠷᠣᠨ ᠳᠤ ᠣᠳᠣ ᠲᠣᠰᠣ ᠨᠡᠮᠡᠬᠦ ᠥᠷᠲᠡᠭᠡ ᠶᠢᠨ ᠠᠵᠤ ᠠᠬᠤᠶᠢᠯᠠᠯ 3766 ᠪᠠᠶᠢᠵᠤ᠂ ᠡᠭᠦᠨ ᠳᠤ ᠳᠤᠮᠳᠠᠳᠤ ᠤᠯᠤᠰ ᠤᠨ ᠴᠢᠯᠠᠭᠤᠨ ᠲᠣᠰᠣ 1293᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ 358᠂ ᠠᠷᠠᠳ ᠠᠴᠠ ᠡᠵᠡᠩᠨᠡᠭᠰᠡᠨ ᠲᠣᠰᠣ ᠨᠡᠮᠡᠬᠦ ᠥᠷᠲᠡᠭᠡ 1991 ᠪᠠᠶᠢᠵᠤ᠂ ᠪᠤᠰᠤᠳ ᠲᠥᠷᠥᠯ ᠤᠨ ᠲᠣᠰᠣ ᠨᠡᠮᠡᠬᠦ ᠥᠷᠲᠡᠭᠡ 124 ᠪᠤᠶ᠃ ᠤᠷᠢᠳᠴᠢᠯᠠᠨ ᠥᠭᠬᠦ ᠺᠠᠷᠲ ᠤᠨ ᠳᠠᠩᠰᠠᠯᠠᠭᠤᠯᠤᠭᠰᠠᠨ ᠠᠵᠤ ᠠᠬᠤᠶᠢᠯᠠᠯ 101 ᠪᠠᠶᠢᠵᠤ᠂ ᠤᠷᠢᠳᠴᠢᠯᠠᠨ ᠥᠭᠬᠦ ᠺᠠᠷᠲ ᠤᠨ ᠲᠤᠭ᠎ᠠ ᠨᠢ 10 - 50000 ᠲᠥᠭᠦᠷᠢᠭ᠃ 12 ᠠᠶᠢᠮᠠᠭ ᠬᠤᠲᠠ ᠶᠢᠨ ᠵᠢᠭᠰᠠᠭᠠᠨ ᠪᠠᠶᠢᠴᠠᠭᠠᠯᠲᠠ ᠳᠤ ︽ᠳᠣᠤᠷ᠎ᠠ ᠦᠨ᠎ᠡ + ᠤᠷᠢᠳᠴᠢᠯᠠᠨ ᠥᠭᠬᠦ  ᠰᠦᠢᠳᠭᠡᠯ︾ ᠤᠨ ᠦᠵᠡᠭᠳᠡᠯ ᠢᠯᠡᠷᠡᠭᠰᠡᠨ ᠥᠬᠡᠶ     ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠢᠵᠢᠭ ᠰᠡᠷᠭᠡᠶᠢᠯᠡᠬᠦ ᠪᠠᠶᠢᠳᠠᠯ ᠢ ᠦᠨᠳᠦᠰᠦᠯᠡᠨ ᠮᠠᠨ ᠤ ᠣᠷᠣᠨ ᠤ ᠬᠡᠰᠡᠭ ᠠᠶᠢᠮᠠᠭ ᠬᠤᠲᠠ ᠳᠤ ᠳ᠋ᠢᠶᠠᠩᠬᠤᠸᠠ ᠪᠠᠷ ᠰᠤᠭᠤᠴᠢᠨ ᠪᠠᠶᠢᠴᠠᠭᠠᠬᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠵᠡᠷᠭᠡ ᠠᠵᠢᠯ ᠬᠢᠵᠦ᠂ ᠤᠯᠠᠭᠠᠨᠴᠠᠪ ᠬᠤᠲᠠ ᠶᠢᠨ 314᠂ ᠪᠤᠭᠤᠲᠤ ᠬᠤᠲᠠ ᠶᠢᠨ 276 ᠲᠣᠰᠣ ᠨᠡᠮᠡᠬᠦ ᠥᠷᠲᠡᠭᠡ ᠶᠢᠨ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠬᠢᠭᠡᠳ ᠲᠤᠬᠠᠶ ᠶᠢᠨ ᠭᠠᠵᠠᠷ ᠲᠤ ᠡᠶᠢᠮᠦᠷᠬᠦ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠥᠬᠡᠶ᠃    ᠬᠤᠶᠠᠷ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠪᠠ᠃     2022 ᠣᠨ ᠳᠤ᠂ ᠮᠠᠨ ᠤ ᠲᠢᠩᠬᠢᠮ ᠠᠴᠠ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ ᠪᠠ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠤᠷᠢᠳᠴᠢᠯᠠᠨ ᠥᠭᠬᠦ ᠺᠠᠷᠲ ᠤᠨ ᠰᠠᠯᠠᠭ᠎ᠠ ᠮᠥᠴᠢᠷ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠣ ᠨᠡᠮᠡᠬᠦ ᠥᠷᠲᠡᠭᠡ ᠶᠢᠨ ︽ᠳᠣᠤᠷ᠎ᠠ ᠦᠨ᠎ᠡ + ᠤᠷᠢᠳᠴᠢᠯᠠᠨ ᠥᠭᠬᠦ ᠰᠦᠢᠳᠭᠡᠯ︾ ᠳᠤ ᠲᠦᠰᠢᠭᠯᠡᠨ ᠬᠡᠷᠡᠭᠯᠡᠭᠴᠢᠳ ᠢ ᠲᠠᠲᠠᠵᠤ ᠲᠣᠭᠲᠠᠭᠤᠨ ᠳᠤ ᠬᠤᠯᠪᠣᠭᠳᠠᠬᠤ ᠬᠡᠮ ᠰᠣᠭᠤᠭ ᠲᠠᠢ  ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬᠢᠳᠠᠯ ᠢᠯᠡᠭᠡᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠪᠠᠷ ᠵᠥᠪᠳᠡᠪᠡ᠃ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠮᠦᠷ ᠨᠢᠳᠤᠷᠭ᠎ᠠ ᠶᠢᠨ ᠠᠵᠢᠯᠯᠠᠭ᠎ᠠ ᠶᠢᠨ ᠪᠠᠶᠢᠴᠠᠭᠠᠯᠲᠠ ᠥᠷᠨᠢᠭᠦᠯᠬᠦ ᠳᠤᠮᠳᠠ ᠲᠣᠰᠣ᠂ ᠲᠣᠰᠣ ᠨᠡᠮᠡᠬᠦ ᠥᠷᠲᠡᠭᠡ ᠳᠤ 59 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ  ᠰᠢᠢᠳᠪᠦᠷᠢᠯᠡᠵᠦ᠂ 1945 ᠲᠦᠮᠡᠨ ᠲᠥᠭᠦᠷᠢᠭ ᠢᠶᠠᠷ ᠲᠣᠷᠭᠠᠪᠠ᠃     ᠭᠤᠷᠪᠠ᠂ ᠠᠵᠢᠯ ᠲᠥᠷᠥᠯ ᠤᠨ ᠨᠡᠶᠢᠭᠡᠮᠯᠢᠭ ᠢ ᠵᠣᠬᠢᠴᠠᠭᠤᠯᠵᠤ᠂ ᠲᠦᠭᠰᠢᠭᠦᠷᠢ ᠶᠢᠨ ᠰᠠᠨᠠᠭᠤᠯᠤᠮᠵᠢ ᠥᠭᠪᠡ᠃     ᠥᠪᠥᠷ ᠮᠣᠩᠭᠤᠯ ᠤᠨ ᠪᠣᠯᠪᠠᠰᠤᠷᠠᠭᠤᠯᠤᠭᠰᠠᠨ ᠲᠣᠰᠣᠨ ᠤ ᠠᠵᠢᠯ ᠲᠥᠷᠥᠯ ᠤᠨ ᠨᠡᠶᠢᠭᠡᠮᠯᠢᠭ ᠢ ᠵᠣᠬᠢᠴᠠᠭᠤᠯᠵᠤ ᠲᠣᠰᠣ ᠨᠡᠮᠡᠬᠦ ᠥᠷᠲᠡᠭᠡ ᠶᠢᠨ ᠠᠵᠤ ᠠᠬᠤᠶᠢᠯᠠᠯ ᠳᠤ ᠲᠦᠭᠰᠢᠭᠦᠷᠢ ᠶᠢᠨ ᠰᠠᠨᠠᠭᠤᠯᠤᠮᠵᠢ ᠥᠭᠪᠡ᠃ ᠨᠡᠶᠢᠭᠡᠮᠯᠢᠭ ᠢ ᠵᠢᠯᠣᠭᠤᠳᠤᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ︽ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠶᠢ ᠬᠥᠭᠵᠢᠭᠦᠯᠬᠦ︾ ᠠᠵᠢᠯᠯᠠᠭ᠎ᠠ ᠳᠤ ᠵᠣᠬᠢᠶᠠᠨ ᠪᠠᠶᠢᠭᠤᠯᠤᠨ ᠣᠷᠣᠯᠴᠠᠭᠤᠯᠵᠤ᠂ ᠠᠵᠤ ᠠᠬᠤᠶᠢᠯᠠᠯ ᠤᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠠᠵᠢᠯ ᠲᠥᠷᠥᠯ ᠤᠨ ︽ᠲᠣᠭᠲᠠᠭᠠᠯ ᠳᠤ ᠨᠡᠶᠢᠴᠡᠬᠦ᠂ ᠭᠡᠷ᠎ᠡ ᠪᠠᠨ ᠭᠦᠢᠴᠡᠳᠭᠡᠬᠦ᠂ ᠠᠮᠠᠯᠠᠯᠲᠠ ᠪᠠᠨ ᠦᠢᠯᠡᠳᠦᠯᠭᠡᠵᠢᠭᠦᠯᠬᠦ︾ ᠢᠲᠡᠭᠡᠮᠵᠢ ᠶᠢᠨ ᠳᠦᠷᠢ ᠲᠥᠷᠬᠦ ᠶᠢ ᠪᠠᠶᠢᠭᠤᠯᠬᠤ ᠶᠢ ᠰᠠᠨᠠᠭᠠᠴᠢᠯᠠᠪᠠ᠃ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠭᠰᠠᠨ ᠲᠣᠰᠣᠨ ᠤ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ︾ ᠶᠢ ᠲᠣᠭᠲᠠᠭᠠᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠣᠷᠴᠢᠨ ᠠᠬᠤᠶ ᠶᠢ ᠪᠣᠶ ᠪᠣᠯᠭᠠᠬᠤ ᠶᠢ ᠠᠬᠢᠭᠤᠯᠤᠨ᠂ ᠮᠠᠨ ᠤ ᠣᠷᠣᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠵᠡᠩᠨᠡᠯᠲᠡ ᠶᠢᠨ ᠡᠮᠬᠢ ᠳᠢᠭᠯᠢᠮ ᠢ ᠪᠤᠶ ᠪᠣᠯᠭᠠᠨ᠎ᠠ᠃     ᠳᠥᠷᠪᠡ᠂ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ᠃     ︵ᠨᠢᠭᠡ︶ ᠲᠣᠰᠣ ᠨᠡᠮᠡᠬᠦ ᠥᠷᠲᠡᠭᠡ ᠶᠢᠨ ᠭᠠᠭᠴᠠ ᠬᠡᠷᠡᠭᠴᠡᠭᠡᠲᠦ ᠬᠤᠳᠠᠯᠳᠤᠭᠠᠨ ᠤ ᠤᠷᠢᠳᠴᠢᠯᠠᠨ ᠥᠭᠬᠦ ᠺᠠᠷᠲ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠪᠠ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠲᠣᠭᠲᠠᠭᠠᠯ ᠶᠣᠰᠣᠭᠠᠷ ᠲᠣᠰᠣ ᠨᠡᠮᠡᠬᠦ ᠥᠷᠲᠡᠭᠡ ᠳᠤ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ     ︵ᠬᠤᠶᠠᠷ︶ ᠪᠣᠯᠪᠠᠰᠤᠷᠠᠭᠤᠯᠤᠭᠰᠠᠨ ᠲᠣᠰᠣᠨ ᠤ ᠭᠦᠢᠯᠭᠡᠭᠡᠨ ᠤ ᠬᠦᠷᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠬᠤ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ ᠤ ᠭᠦᠢᠯᠭᠡᠭᠡᠨ ᠤ ᠴᠤᠬᠤᠶᠢᠯᠲᠠ ᠶᠢᠨ ᠴᠢᠨᠠᠷᠲᠠᠶ᠂ ᠳᠠᠯᠳᠠ ᠴᠢᠨᠠᠷᠲᠠᠶ ᠲᠦᠭᠰᠢᠭᠦᠷᠢ ᠶᠢ ᠴᠠᠭ ᠲᠤᠬᠠᠶ ᠳᠤᠨᠢ ᠣᠯᠵᠤ ᠮᠡᠳᠡᠨ᠂ ᠶᠠᠷᠢᠶ᠎ᠠ ᠬᠡᠯᠡᠯᠴᠡᠭᠡᠨ ᠢᠶᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠯᠠᠨ ᠲᠦᠮᠡᠨ ᠢ ᠬᠠᠪᠰᠤᠷᠤᠨ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠬᠦ ᠦᠵᠡᠯ ᠤᠬᠠᠮᠰᠠᠷ ᠪᠣᠯᠤᠨ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠬᠡᠷᠡᠭᠯᠡᠭᠡᠨ ᠤ ᠢᠲᠡᠭᠡᠯ ᠢ ᠨᠢ ᠨᠡᠮᠡᠭᠳᠡᠭᠦᠯᠬᠦ ᠬᠡᠷᠡᠭᠲᠡᠶ᠃     ︵ᠭᠤᠷᠪᠠ︶ ᠲᠣᠰᠣ ᠨᠡᠮᠡᠬᠦ ᠥᠷᠲᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠠᠵᠤ ᠠᠬᠤᠶᠢᠯᠠᠯ ᠤᠨ ᠨᠡᠶᠢᠭᠡᠮᠯᠢᠭ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠦᠵᠡᠯ ᠤᠬᠠᠮᠰᠠᠷ ᠢ ᠴᠢᠩᠭᠠᠷᠠᠭᠤᠯᠵᠤ᠂ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠨ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ᠃
 
ᠢᠷᠡᠯᠲᠡ᠄ ᠪᠥᠲᠥᠭᠡᠨ ᠪᠠᠶᠢᠭᠤᠯᠤᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号