ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ | ᠦᠢᠯᠡᠳᠬᠦ ᠳᠤ ᠴᠣᠬᠢᠯᠲᠠ ᠥᠭᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ | ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 2023 ᠣᠨ ᠤ 1 ᠳ᠋ᠦ᠋ᠭᠡᠷ | ᠰᠠᠷ᠎ᠠ ᠶᠢᠨ 12 ᠤᠨ ᠡᠳᠦᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠪᠥᠬᠦ ᠤᠯᠤᠰ ᠤᠨ ᠡᠷᠬᠡ ᠳᠤ ᠬᠠᠯᠳᠠᠨ | ᠬᠠᠭᠤᠷᠮᠠᠭ ᠮᠠᠭᠤ ᠲᠠᠸᠠᠷ ᠦᠢᠯᠡᠳᠬᠦ ᠳᠤ ᠴᠣᠬᠢᠯᠲᠠ ᠥᠭᠬᠦ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠳᠤ | ᠣᠷᠣᠯᠴᠠᠪᠠ᠃ ᠪᠦᠬᠦ ᠤᠯᠤᠰ ᠤᠨ ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ ᠦᠢᠯᠡᠳᠬᠦ ᠳᠤ ᠴᠣᠬᠢᠯᠲᠠ ᠥᠭᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠭᠠᠨ ᠯᠢᠨ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠵᠤ᠂ ᠬᠤᠷᠠᠯ ᠠᠴᠠ 2022 ᠣᠨ ᠤ ᠪᠦᠬᠦ ᠤᠯᠤᠰ ᠤᠨ ᠡᠷᠬᠡ ᠳᠤ ᠬᠠᠯᠳᠠᠨ ᠬᠠᠭᠤᠷᠮᠠᠭ | ᠮᠠᠭᠤ ᠲᠠᠸᠠᠷ ᠦᠢᠯᠡᠳᠬᠦ ᠳᠤ ᠴᠣᠬᠢᠯᠲᠠ ᠥᠭᠬᠦ ᠠᠵᠢᠯ ᠢ ᠳ᠋ᠦᠩᠨᠡᠵᠦ᠂ 2023 ᠣᠨ ᠤ ᠭᠤᠣᠯᠳᠠᠯᠭ᠎ᠠ ᠲᠠᠢ | ᠠᠵᠢᠯ ᠤᠨ ᠡᠭᠦᠷᠭᠡ ᠶᠢ ᠲᠥᠰᠦᠪᠯᠡᠨ ᠪᠠᠶᠢᠷᠢᠯᠠᠭᠤᠯᠪᠠ᠃ | 2022 ᠣᠨ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ | ᠬᠤᠳᠠᠯᠳᠤᠭᠠᠨ ᠤ ᠶᠠᠪᠤᠳᠠᠯ ᠤᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠲᠠᠸᠠᠷ ᠦᠢᠯᠡᠳᠦᠨ ᠪᠣᠷᠣᠯᠠᠭᠤᠯᠬᠤ ᠳᠤ ᠴᠣᠬᠢᠯᠲᠠ ᠥᠭᠬᠦ | ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ᠂ ︽ᠬᠤᠤᠰ ᠴᠣᠬᠢᠯᠲᠠ ᠥᠭᠬᠦ︾ | ᠡᠯ᠎ᠡ ᠵᠦᠢᠯ ᠤᠨ ᠠᠵᠢᠯ ᠢ ᠬᠢᠨᠠᠮᠠᠭᠠᠶ ᠥᠷᠨᠢᠭᠦᠯᠪᠡ᠃ ᠨᠢᠭᠡ ᠳᠤ ︽︿2022 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠪᠠ ᠬᠠᠭᠤᠷᠮᠠᠭ | ᠮᠠᠭᠤ ᠲᠠᠸᠠᠷ ᠦᠢᠯᠡᠳᠦᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠤᠨ ᠭᠤᠤᠯᠳᠠᠯᠭ᠎ᠠ﹀ ᠳᠤ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠡᠨᠡ ᠵᠢᠯ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠡᠷᠬᠡ ᠳᠤ | ᠬᠠᠯᠳᠠᠬᠤ ᠪᠠ ᠬᠠᠭᠤᠷᠮᠠᠭ ᠮᠠᠭᠤ ᠲᠠᠸᠠᠷ ᠦᠢᠯᠡᠳᠦᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠢ ᠪᠥᠬᠦ | ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ︽ᠬᠤᠤᠰ ᠴᠣᠬᠢᠯᠲᠠ ᠥᠭᠬᠦ︾ ᠠᠵᠢᠯ ᠤᠨ ᠤᠷᠤᠭᠰᠢᠲᠠᠶ | ᠶᠠᠪᠤᠭᠳᠠᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠬᠤᠶᠠᠷ ᠲᠤ 2022 ᠣᠨ ᠤ ᠮᠠᠯᠵᠢᠬᠤ | ᠲᠠᠷᠢᠶᠠᠯᠠᠬᠤ ᠣᠷᠣᠨ ᠤ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ | ᠬᠠᠮᠠᠭᠠᠯᠠᠬᠤ ᠲᠢᠩᠬᠢᠮ᠂ ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠬᠠᠮᠲᠤᠷᠠᠨ ᠮᠠᠯᠵᠢᠬᠤ ᠲᠠᠷᠢᠶᠠᠯᠠᠬᠤ ᠣᠷᠣᠨ ᠤ | ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ ︵2020 — | 2022︶ ᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠨ᠎ᠠ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ | ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ 2022 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠶᠠᠰᠤ ᠴᠢᠨᠠᠷ ᠲᠤ | ᠲᠤᠰᠬᠠᠶ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ ᠢ | ᠬᠠᠮᠲᠤᠷᠠᠨ ᠲᠣᠭᠲᠠᠭᠠᠪᠠ᠃ ᠳᠥᠷᠪᠡ ᠳᠤ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ︽ᠬᠤᠤᠰ ᠴᠣᠬᠢᠯᠲᠠ ᠥᠭᠬᠦ︾ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠬᠤ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢᠯᠡᠳᠴᠦ ᠪᠣᠷᠣᠯᠠᠭᠤᠯᠬᠤ ᠳᠤ ᠴᠣᠬᠢᠯᠲᠠ | ᠥᠭᠬᠦ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠬᠦᠷᠢᠶᠡᠨ ᠤ ᠬᠠᠮᠵᠢᠯᠴᠠᠬᠤ | ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | 2023 ᠣᠨ ᠳᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠪᠠᠶᠢᠷᠢᠰᠢᠭᠤᠯᠤᠯᠲᠠ ᠪᠠ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠠᠭᠤᠰᠤᠯᠴᠠᠨ ᠬᠥᠭᠵᠢᠭᠦᠯᠦᠨ᠎ᠡ᠃ ᠣᠯᠠᠨ ᠰᠠᠯᠠᠭ᠎ᠠ | ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠬᠤ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠪᠣᠷᠣᠯᠠᠭᠤᠯᠬᠤ ᠦᠢᠯᠡ ᠠᠵᠢᠯᠯᠠᠭ᠎ᠠ ᠳᠤ | ᠴᠣᠬᠢᠯᠲᠠ ᠥᠭᠬᠦ ᠣᠯᠠᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ᠂ ᠬᠠᠮᠲᠤᠷᠠᠨ ᠬᠠᠤᠯᠢ ᠬᠡᠷᠡᠭᠵᠢᠭᠦᠯᠬᠦ ᠲᠤᠰᠬᠠᠶ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠬᠤᠳᠠᠯ | ᠬᠠᠭᠤᠷᠮᠠᠭ ᠴᠢᠨᠠᠷ ᠮᠠᠭᠤ ᠲᠠᠸᠠᠷ ᠪᠣᠷᠣᠯᠠᠭᠤᠯᠬᠤ ᠳᠤ ᠴᠣᠬᠢᠯᠲᠠ ᠥᠭᠴᠦ᠂ ᠥᠷᠭᠡᠨ ᠣᠯᠠᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ |