ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠶᠯᠡᠳᠪᠦᠷᠢᠯᠡᠯ ᠤᠨ ᠵᠥᠪᠯᠡᠯ ᠠᠴᠠ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ 2022 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠤ ᠰᠢᠯᠭᠠᠨ ᠬᠢᠨᠠᠯᠲᠠ ᠬᠢᠪᠠ
ᠨᠡᠶᠢᠲᠡᠯᠡᠭᠰᠡᠨ ᠴᠠᠭ᠄
2023/1/16
    ︽ 2022 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠰᠢᠯᠭᠠᠨ ᠬᠢᠨᠠᠯᠲᠠ  ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2023 ᠣᠨ ᠤ 1 ᠳ᠋ᠦ᠋ᠭᠡᠷ ᠰᠠᠷ᠎ᠠ ᠶᠢᠨ 12 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠶᠯᠡᠳᠪᠦᠷᠢᠯᠡᠯ ᠤᠨ ᠵᠥᠪᠯᠡᠯ ᠤᠨ ᠨᠢᠭᠡᠳᠦᠭᠡᠷ ᠰᠢᠯᠭᠠᠨ ᠬᠢᠨᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠬᠦᠷᠴᠦ 2022 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠤ ᠲᠤᠬᠠᠶ ᠶᠢᠨ ᠲᠠᠯᠠᠪᠤᠷ ᠤᠨ ᠰᠢᠯᠭᠠᠨ ᠬᠢᠨᠠᠯᠲᠠ ᠬᠢᠪᠠ᠃   ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠬᠢᠨᠠᠨ ᠰᠢᠯᠭᠠᠬᠤ ᠳᠤᠭᠤᠶᠢᠯᠠᠩ ᠳᠤ ᠮᠠᠨ ᠤ ᠲᠢᠩᠬᠢᠮ ᠤᠨ 2022 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ 2022 ᠣᠨ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ  ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠶᠤᠯᠭᠦᠶ ᠦᠶᠯᠡᠳᠪᠦᠷᠢᠯᠡᠯ ᠤᠨ ︽ᠠᠷᠪᠠᠨ ᠲᠠᠪᠤᠨ ᠴᠢᠩᠭ᠎ᠠ ᠬᠠᠲᠠᠭᠤ ᠠᠷᠭ᠎ᠠ ᠬᠡᠮᠵᠢᠶ᠎ᠡ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠴᠠᠭ ᠲᠤᠬᠠᠶ ᠳᠤ  ᠨᠢ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠲᠢᠩᠬᠢᠮ ᠤᠨ ᠭᠤᠣᠯ ᠬᠠᠷᠢᠭᠤᠴᠠᠯᠭᠠᠲᠠᠨ ᠪᠣᠯᠤᠨ ᠲᠢᠩᠬᠢᠮ ᠤᠨ ᠤᠳᠤᠷᠢᠳᠤᠯᠭ᠎ᠠ ᠤᠷᠢᠳ ᠬᠤᠵᠢᠳ   ᠠᠵᠢᠯ ᠤᠨ ᠪᠦᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ 12 ᠤᠳᠠᠭ᠎ᠠ ᠬᠢᠨᠠᠨ ᠵᠢᠯᠣᠭᠤᠳᠤᠭᠰᠠᠨ ᠪᠠ ᠪᠠᠶᠢᠴᠠᠭᠠᠯᠲᠠ ᠬᠢᠵᠦ ᠂ 10 ᠠᠶᠢᠮᠠᠭ ᠬᠤᠲᠠ ᠪᠣᠯᠤᠨ ᠵᠠᠭᠤ ᠰᠢᠬᠠᠮ ᠠᠵᠤ ᠠᠬᠤᠶᠢᠯᠠᠯ ᠢ ᠬᠢᠨᠠᠨ ᠵᠢᠯᠤᠭᠤᠳᠪᠠ᠃ ᠶᠡᠷᠦᠩᠬᠡᠶ ᠱᠦᠵᠢ ᠰᠢ ᠶᠢᠨ ᠫᠢᠩ  ᠤᠨ ᠠᠶᠤᠯᠭᠦᠢ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠭᠠᠯ ᠤᠨᠲᠠᠷᠠᠭᠠᠬᠤ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ  ᠳᠤ᠂ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ 8301 ᠬᠥᠮᠦᠨ ᠤᠳᠠᠭ᠎ᠠ ᠶᠢᠨ ᠪᠣᠯᠪᠠᠰᠤᠷᠠᠯ ᠬᠢᠪᠡ ᠃ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠭᠡᠮ ᠢ ᠰᠡᠷᠭᠡᠶᠢᠯᠡᠬᠦ᠂ ᠠᠳᠡᠯ ᠢ ᠬᠤᠷᠢᠭᠯᠠᠬᠤ᠂ ᠠᠮᠤᠷ ᠲᠦᠪᠰᠢᠨ ᠢ ᠪᠠᠲᠤᠯᠠᠬᠤ︾ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠵᠢᠯ ᠤᠨ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃   2023 ᠣᠨ ᠳᠤ᠂ ᠮᠠᠨ ᠤ ᠲᠢᠩᠬᠢᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠶᠡᠷᠦᠩᠬᠡᠢ ᠵᠢᠯᠤᠭᠤᠳᠤᠮᠵᠢ ᠪᠤᠯᠭᠠᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ  ᠬᠤᠷᠢᠶ᠎ᠡ ᠶᠢᠨ ᠠᠶᠤᠯᠭᠦᠢ ᠦᠶᠯᠡᠳᠪᠦᠷᠢᠯᠡᠯ ᠤᠨ ᠲᠤᠬᠠᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠢ ᠦᠶᠯᠡᠳᠪᠦᠷᠢᠯᠡᠯ ᠤᠨ ᠲᠤᠬᠠᠶ ᠡᠯ᠎ᠡ ᠵᠦᠶᠯ ᠤᠨ ᠱᠠᠭᠠᠷᠳᠠᠯᠭ᠎ᠠ ᠶᠢ   ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠬᠤ ᠪᠠᠷ ᠠᠵᠠ ᠲᠣᠬᠢᠶᠠᠯ ᠪᠣᠯᠭᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠠᠵᠢᠯ ᠲᠥᠷᠥᠯ ᠤᠨ ᠴᠢᠨᠠᠷ ᠰᠠᠶᠢᠲᠠᠶ ᠪᠥᠭᠡᠳ ᠠᠮᠤᠷ ᠲᠦᠪᠰᠢᠨ  ᠢᠶᠠᠷ ᠬᠦᠭᠵᠢᠬᠦ ᠶᠢ ᠠᠬᠢᠭᠤᠯᠤᠨ᠎ᠠ᠃   ᠲᠢᠩᠬᠢᠮ ᠤᠨ ᠳᠡᠳ᠋ ᠳᠠᠷᠤᠭ᠎ᠠ ᠾᠧᠦ ᠶᠠᠨ ᠬᠤᠢ᠂ ᠪᠦᠲᠦᠭᠡᠨ ᠪᠠᠶᠢᠭᠤᠯᠤᠯᠲᠠ ᠶᠢᠨ ᠭᠠᠵᠠᠷ᠂ ᠭᠦᠢᠯᠭᠡᠭᠡᠨ ᠤ ᠭᠠᠵᠠᠷ᠂ ᠡᠯᠧᠺᠲᠷᠣᠨ ᠬᠤᠳᠠᠯᠳᠤᠭᠠᠨ ᠤ ᠭᠠᠵᠠᠷ᠂ ᠠᠵᠢᠯᠯᠠᠭᠠᠨ ᠤ ᠭᠠᠵᠠᠷ᠂ ᠠᠷᠠᠯᠵᠢᠶᠠᠨ ᠤ ᠦᠢᠯᠡᠴᠢᠯᠡᠭᠡᠨ ᠤ ᠭᠠᠵᠠᠷ᠂ ᠭᠠᠳᠠᠭᠠᠳᠤ ᠪᠡᠯᠡ ᠶᠢᠨ ᠭᠠᠵᠠᠷ ᠵᠡᠷᠭᠡ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号