ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠡᠯᠡᠬᠡᠶᠢᠴᠢᠯᠡᠭᠰᠡᠨ ᠴᠢᠳᠠᠪᠤᠷᠢᠲᠠᠨ ᠤ ᠪᠣᠯᠪᠠᠰᠤᠷᠠᠭᠤᠯᠤᠯ ᠢ ᠡᠷᠬᠢᠯᠡᠵᠦ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/1/18
    ᠥᠨᠳᠥᠷ ᠬᠡᠪ ᠪᠣᠯᠪᠠᠰᠤᠷᠠᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶  ᠶᠢᠨ ᠬᠠᠮ ᠴᠢᠳᠠᠪᠤᠷᠢᠲᠠᠨ ᠢ ᠬᠥᠮᠦᠵᠢᠭᠦᠯᠵᠦ᠂ ᠣᠯᠠᠨ ᠤᠯᠤᠰ ᠤᠨ ᠰᠣᠯᠢᠯᠴᠠᠭᠠᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠤᠯᠤᠰ ᠤᠨ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ 2023 ᠣᠨ ᠤ 1 ᠳ᠋ᠦ᠋ᠭᠡᠷ ᠰᠠᠷ᠎ᠠ ᠶᠢᠨ 3  ᠤ ᠡᠳᠦᠷ ᠠᠴᠠ 12 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠮᠣᠩᠭᠤᠯ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠤ ᠡᠷᠡᠭᠦᠯ ᠬᠠᠮᠠᠭᠠᠯᠠᠯ  ᠤᠨ ᠬᠥᠭᠵᠢᠯᠲᠡ ᠶᠢᠨ ᠲᠥᠪ ᠬᠠᠮᠲᠤᠷᠠᠨ ︽ ᠳᠤᠮᠳᠠᠳᠤ ᠤᠯᠤᠰ—ᠮᠣᠩᠭᠤᠯ ᠤᠯᠤᠰ ᠤᠨ ᠮᠣᠩᠭᠤᠯ ᠡᠮ ᠡᠮᠨᠡᠯᠭᠡ  ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ︾  ᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠢ ᠢᠨᠲ᠋ᠧᠷ ᠰᠦᠯᠵᠢᠶᠡᠨ ᠤ ᠡᠭᠦᠯᠡᠨ ᠦᠵᠦᠭᠦᠷ ᠢᠶᠠᠷ ᠳᠠᠮᠵᠢᠭᠤᠯᠤᠨ ︽ᠮᠣᠩᠭᠤᠯ ᠠᠨᠠᠭᠠᠬᠤ ᠤᠬᠠᠭᠠᠨ ᠤ ᠰᠣᠩᠭᠤᠳᠠᠭ ᠣᠨᠣᠯ + ᠭᠤᠤᠯ ᠰᠡᠳᠦᠪᠳᠦ ᠦᠶᠯᠡᠳᠦᠯᠴᠡᠯ ᠰᠣᠯᠢᠯᠴᠠᠭ᠎ᠠ + ᠲᠤᠬᠠᠶ  ᠶᠢᠨ ᠲᠠᠯᠠᠪᠤᠷ ᠤᠨ ᠵᠢᠭᠠᠨ ᠰᠤᠷᠭᠠᠯᠲᠠ︾ ᠶᠢᠨ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠮᠣᠩᠭᠤᠯ ᠤᠯᠤᠰ ᠠᠴᠠ ᠢᠷᠡᠭᠰᠡᠨ 129 ᠤᠯᠠᠮᠵᠢᠯᠠᠯᠲᠤ ᠡᠮ ᠡᠮᠨᠡᠯᠭᠡ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ 
内蒙古国际蒙医医院开展中医药(蒙医药)国际化人才培训 助力中医药服务出口基地建设.png 
    ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ ᠶᠢᠨ ᠳᠡᠯᠡᠬᠡᠶᠢᠴᠢᠯᠡᠭᠰᠡᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠶ᠂ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ ᠶᠢᠨ ᠭᠠᠳᠠᠭᠰᠢ ᠨᠡᠭᠡᠭᠡᠯᠲᠡ ᠬᠢᠬᠦ ᠬᠡᠮᠵᠢᠶ᠎ᠡ ᠲᠠᠰᠤᠷᠠᠯᠲᠠ ᠥᠬᠡᠶ ᠥᠷᠭᠡᠳᠬᠦ ᠶᠢ ᠳᠠᠭᠠᠯᠳᠤᠨ᠂ 2022 ᠣᠨ ᠤ 2 ᠳ᠋ᠤᠭᠠᠷ ᠰᠠᠷ᠎ᠠ  ᠳᠤ᠂ ᠡᠮᠨᠡᠯᠭᠡ ᠶᠢᠨ ᠬᠤᠷᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠦᠶᠯᠡᠴᠢᠯᠡᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢᠶᠠᠷ ᠰᠣᠩᠭᠤᠭᠳᠠᠵᠤ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠠᠭᠤᠷᠢᠨ ᠭᠠᠵᠠᠷ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠠᠬᠢᠭᠤᠯᠵᠤ᠂ ᠥᠪᠥᠷ ᠮᠣᠩᠭᠤᠯ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠨᠳᠥᠷ ᠪᠠᠷᠢᠮᠵᠢᠶ᠎ᠠ ᠪᠠᠷ ᠤᠯᠤᠰ ᠤᠨ ᠬᠢᠲᠠᠳ ᠡᠮ ᠡᠮᠨᠡᠯᠭᠡ ᠶᠢᠨ ᠦᠶᠯᠡᠴᠢᠯᠡᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠶᠢ ᠵᠢᠯᠣᠭᠤᠳᠴᠤ᠂ ᠮᠠᠨ ᠤ ᠣᠷᠣᠨ ᠤ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ ᠶᠢᠨ ᠦᠶᠯᠡᠴᠢᠯᠡᠭᠡᠨ ᠤ ︽ᠭᠠᠷᠴᠤ ᠶᠠᠪᠤᠬᠤ︾ ᠶᠢ ᠠᠬᠢᠭᠤᠯᠤᠨ᠎ᠠ᠃ 
 
ᠢᠷᠡᠯᠲᠡ᠄ ᠲᠣᠳᠤᠷᠬᠠᠢ ᠦᠭᠡᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号