ᠴᠠᠭᠠᠨ ᠰᠠᠷ᠎ᠠ ᠶᠢᠨ ᠬᠤᠭᠤᠴᠠᠭᠠᠨ ᠳᠤ ᠪᠥᠬᠦ ᠣᠷᠣᠨ ᠤ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠬᠥᠷ ᠬᠥᠭᠵᠢᠶᠡᠨ ᠢᠶᠠᠷ ᠪᠢᠯᠬᠠᠮ᠎ᠠ
ᠨᠡᠶᠢᠲᠡᠯᠡᠭᠰᠡᠨ ᠴᠠᠭ᠄
2023/1/19
    ᠴᠠᠭᠠᠨ ᠰᠠᠷ᠎ᠠ ᠎ᠶ᠋ᠢᠨ ᠬᠤᠭᠤᠴᠠᠭᠠᠨ ᠎ᠳᠤ ᠂ ᠥᠪᠥᠷ ᠮᠣᠩᠭᠤᠯ ᠤᠨ ᠡᠯ᠎ᠡ ᠭᠠᠵᠠᠷ ᠤᠨ ᠴᠠᠭᠠᠨ ᠰᠠᠷ᠎ᠠ ᠶᠢᠨ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠵᠦ᠂ ᠢᠳᠡᠭᠡᠨ ᠤᠮᠳᠠᠭᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ ᠡᠯ᠎ᠡ ᠠᠶᠢᠮᠠᠭ ᠬᠤᠲᠠ ᠡᠯ᠎ᠡ ᠲᠥᠷᠥᠯ ᠤᠨ ᠢᠳᠡᠭᠡᠨ ᠤᠮᠳᠠᠭᠠᠨ ᠢᠶᠠᠷ ᠬᠡᠷᠡᠭᠯᠡᠭᠡ ᠶᠢ ᠠᠬᠢᠭᠤᠯᠬᠤ ᠭᠤᠤᠯ ᠰᠡᠳᠦᠪᠲᠦ ᠠᠮᠲᠠᠲᠤ ᠢᠳᠡᠭᠡᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠴᠠᠭᠠᠨ ᠰᠠᠷ᠎ᠠ  ᠶᠢᠨ ᠬᠠᠮᠲᠤ ᠶᠢᠨ ᠬᠤᠭᠤᠯᠠ᠂ ᠢᠵᠢ ᠬᠤᠭᠤᠯᠠ᠂ ᠪᠡᠯᠡᠨ ᠨᠣᠭᠤᠭ᠎ᠠ᠂ ᠣᠨᠴᠠ ᠬᠢᠮᠳᠠ ᠨᠣᠭᠤᠭ᠎ᠠ᠂ ᠬᠠᠷᠠᠭᠠᠯᠵᠠᠯ  ᠤᠨ ᠳᠠᠶᠢᠯᠠᠯᠭ᠎ᠠ ᠵᠡᠷᠭᠡ ᠶᠢ ᠭᠠᠷᠭᠠᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠣᠯᠠᠨ ᠶᠠᠩᠵᠤ ᠶᠢᠨ ᠢᠳᠡᠭᠡᠨ ᠤᠮᠳᠠᠭᠠᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠡᠷᠡᠭᠯᠡᠭᠡᠨ ᠤ ᠢᠳᠡᠪᠬᠢᠵᠢᠯ ᠢ ᠬᠥᠭᠵᠢᠭᠡᠨ᠂ ᠢᠳᠡᠭᠡᠨ ᠤᠮᠳᠠᠭᠠᠨ ᠤ ᠬᠡᠷᠡᠭᠯᠡᠭᠡ ᠶᠢ ᠬᠦᠭᠵᠢᠭᠡᠪᠡ ᠃   ᠢᠳᠡᠭᠡᠨ ᠤᠮᠳᠠᠭᠠᠨ ᠢᠶᠠᠷ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠭᠵᠢᠭᠡᠪᠡ ᠃ ᠬᠥᠬᠡᠬᠤᠲᠠ ︽ᠴᠠᠭᠠᠨ ᠰᠠᠷ᠎ᠠ ᠶᠢᠨ ᠦᠨᠦᠷ ᠠᠮᠲᠠᠲᠤ ᠢᠳᠡᠭᠡᠨ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠢᠳᠡᠭᠡᠨ ᠤᠮᠳᠠᠭᠠᠨ ᠤ ᠲᠥᠷᠥᠯ ᠤᠨ ᠦᠶᠯᠡᠴᠢᠯᠡᠭᠡ ᠬᠠᠩᠭᠠᠬᠤ ᠲᠠᠪᠴᠠᠩ ᠠᠴᠠ ᠬᠠᠮᠲᠤ ᠪᠠᠷ ᠪᠠᠯᠠ ᠭᠠᠷᠭᠠᠵᠤ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠲᠥᠷᠥᠯ᠂ ᠬᠤᠭᠤᠯᠠᠨ ᠬᠡᠷ ᠤᠨ ᠬᠤᠭᠤᠯᠠ ᠢᠳᠡᠬᠦ ᠲᠥᠷᠥᠯ᠂ ᠪᠡᠯᠡᠨ ᠨᠣᠭᠤᠭ᠎ᠠ ᠶᠢᠨ ᠲᠥᠷᠥᠯ ᠤᠨ ᠬᠡᠷᠡᠭᠯᠡᠭᠡᠨ ᠤ ᠲᠡᠮᠳᠡᠭᠲᠦ ᠶᠢ ᠭᠠᠷᠭᠠᠪᠠ︔ ᠦᠬᠠᠶ ᠬᠤᠲᠠ ︽ ᠪᠤᠶᠠᠨ ᠬᠡᠰᠢᠭᠳᠦ ᠦᠬᠠᠶ ᠶᠢᠨ ᠠᠮᠢᠳᠤᠷᠠᠯ︾ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠥᠷᠨᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠨᠡᠶᠢᠲᠡ 2000 ᠣᠷᠴᠢᠮ ᠢᠳᠡᠭᠡᠨ ᠤᠮᠳᠠᠭᠠᠨ  ᠤ ᠲᠥᠷᠥᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠᠷ ᠲᠥᠯᠥᠪᠯᠡᠵᠦ ᠪᠣᠶ︔ ᠬᠢᠩᠭᠠᠨ ᠠᠶᠢᠮᠠᠭ ᠴᠠᠭᠠᠨ ᠰᠠᠷ᠎ᠠ  ᠶᠢᠨ ᠬᠤᠭᠤᠴᠠᠭᠠᠨ ᠳᠤ ︽ᠬᠤᠳᠠᠯᠳᠤᠭᠠᠴᠢᠨ ᠢ ᠲᠤᠰᠠᠯᠠᠨ ᠠᠷᠠᠳ ᠲᠤ ᠠᠰᠢᠭ ᠬᠦᠷᠲᠡᠭᠡᠬᠦ︾ ᠠᠵᠢᠯᠯᠠᠭ᠎ᠠ ᠥᠷᠨᠢᠭᠦᠯᠵᠦ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠢᠳᠡᠭᠡᠨ ᠤᠮᠳᠠᠭᠠᠨ ᠢ ᠪᠠᠭᠲᠠᠭᠠᠭᠰᠠᠨ ᠣᠯᠠᠨ ᠬᠦᠷᠢᠶᠡᠨ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠷᠡᠭᠯᠡᠭᠡ ᠶᠢᠨ ᠰᠠᠶᠢᠵᠢᠷᠠᠯᠲᠠ ᠶᠢ ᠠᠬᠢᠭᠤᠯᠪᠠ ᠃   ᠠᠮᠲᠠᠲᠤ ᠢᠳᠡᠭᠡᠨ ᠤ ᠭᠤᠤᠯ ᠰᠡᠳᠦᠪᠲᠦ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ ᠡᠷᠬᠢᠯᠡᠵᠦ᠂ ᠢᠳᠡᠭᠡᠨ ᠤᠮᠳᠠᠭᠠᠨ ᠤ ᠬᠡᠷᠡᠭᠯᠡᠭᠡᠨ ᠤ ᠬᠠᠯᠠᠮᠰᠢᠯ ᠢ ᠲᠡᠭᠡᠭᠰᠢᠯᠡᠭᠦᠯᠪᠡ᠃ ᠬᠥᠬᠡᠬᠤᠲᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠨᠤᠲᠤᠭ ᠤᠨ ᠦᠨᠦᠷ ᠠᠮᠲᠠ︾᠂ ᠤᠨᠴᠠᠯᠢᠭᠲᠤ ᠠᠮᠲᠠᠲᠤ ᠢᠳᠡᠭᠡᠨ ᠤ ᠨᠠᠶᠢᠷ᠂ ᠭᠠᠯ ᠲᠣᠭᠤᠭᠠᠨ ᠤ ᠤᠷ᠎ᠠ ᠮᠡᠷᠭᠡᠵᠢᠯ ᠤᠨ ᠤᠷᠤᠯᠳᠤᠭᠠᠨ ᠵᠡᠷᠭᠡ ᠢᠳᠡᠭᠡᠨ ᠤᠮᠳᠠᠭᠠᠨ ᠤ ᠠᠵᠢᠯᠯᠠᠭ᠎ᠠ ᠥᠷᠨᠢᠭᠦᠯᠬᠦ ᠶᠢ ᠳᠡᠮᠵᠢᠵᠦ ᠪᠠᠶᠢᠨ᠎ᠠ︔ ᠰᠢᠯᠢ ᠶᠢᠨ ᠭᠤᠤᠯ ᠠᠶᠢᠮᠠᠭ ︽ᠬᠡᠰᠢᠭᠲᠦ ᠬᠤᠳᠠᠯᠳᠤᠭ᠎ᠠ ᠰᠢᠯᠢ ᠶᠢᠨ ᠭᠤᠤᠯ ᠰᠢᠨ᠎ᠡ ᠵᠢᠯ ᠤᠨ ᠠᠮᠲᠠᠲᠤ ᠢᠳᠡᠭᠡᠨ ᠤ ᠴᠤᠭᠯᠠᠭᠠᠨ︾᠂ ︽ᠬᠡᠰᠢᠭᠲᠦ ᠬᠤᠳᠠᠯᠳᠤᠭ᠎ᠠ ᠰᠢᠯᠢ ᠶᠢᠨ ᠭᠤᠤᠯ ᠠᠮᠲᠠᠳᠦ ᠢᠳᠡᠭᠡᠨ ᠤ ᠳᠤᠷᠠᠰᠬᠠᠯ ᠤᠨ ᠡᠳᠦᠷ ᠤᠨ ᠬᠤᠳᠠᠯᠳᠤᠭᠠᠨ ᠤ ᠪᠡᠯᠡᠭ︾᠂ ︽ᠬᠡᠰᠢᠭᠲᠦ ᠬᠤᠳᠠᠯᠳᠤᠭ᠎ᠠ ᠰᠢᠯᠢ ᠶᠢᠨ ᠭᠤᠤᠯ ᠪᠢᠲᠡᠭᠦᠨ ᠤ ᠬᠤᠭᠤᠯᠠ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠱᠢᠯᠲᠡ ᠪᠠᠷ 80 ᠭᠠᠷᠤᠶ ᠠᠵᠤ ᠠᠬᠤᠶᠢᠯᠠᠯ ᠡᠭᠦᠨ ᠳᠤ ᠣᠷᠣᠯᠴᠠᠬᠤ ᠪᠣᠯᠤᠨ᠎ᠠ︔ ᠬᠥᠯᠥᠨ ᠪᠣᠶᠢᠷ ᠬᠤᠲᠠ ᠪᠥᠬᠦ ᠬᠤᠲᠠ ᠶᠢᠨ 100 ᠭᠠᠷᠤᠶ ᠢᠳᠡᠭᠡᠨ ᠤᠮᠳᠠᠭᠠᠨ ᠤ ᠦᠶᠯᠡᠰ ᠢ ᠵᠣᠬᠢᠶᠠᠨ ᠪᠠᠶᠢᠭᠤᠯᠵᠤ ︽ᠴᠠᠭᠠᠨ ᠰᠠᠷ᠎ᠠ ᠶᠢᠨ ᠠᠮᠲᠠᠲᠤ ᠢᠳᠡᠭᠡᠨ ᠤ ᠴᠤᠭᠯᠠᠭᠠᠨ ᠤ ᠴᠠᠭᠠᠨ ᠰᠠᠷ᠎ᠠ ᠶᠢᠨ ᠦᠨᠦᠷ ᠠᠮᠲᠠ ᠶᠢ ᠬᠡᠷ ᠲᠤᠨᠢ ᠬᠦᠷᠭᠡᠬᠦ︾ ᠪᠦᠯᠬᠦᠮ ᠢᠶᠠᠷ ᠬᠤᠳᠠᠯᠳᠤᠨ ᠠᠪᠴᠤ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠳᠢᠭ ᠲᠤᠭ ᠠᠮᠲᠠᠲᠤ ᠢᠳᠡᠭᠡᠨ ᠤ ᠨᠡᠪᠲᠡᠷᠡᠭᠦᠯᠦᠭᠴᠢ ᠶᠢ ᠤᠷᠢᠵᠤ ︽ᠴᠠᠭᠠᠨ ᠰᠠᠷ᠎ᠠ ᠶᠢᠨ ᠠᠮᠲᠠᠲᠤ ᠢᠳᠡᠭᠡᠨ ᠤ ᠴᠤᠭᠯᠠᠭᠠᠨ ᠤ ᠴᠠᠭᠠᠨ ᠰᠠᠷ᠎ᠠ ᠶᠢᠨ ᠦᠨᠦᠷ ᠠᠮᠲᠠ ᠶᠢ ᠬᠡᠷ ᠲᠤᠨᠢ ᠬᠦᠷᠭᠡᠬᠦ︾ ᠲᠤᠰᠬᠠᠶ ᠬᠤᠭᠤᠴᠠᠭᠠᠨ ᠤ ᠸᠢᠳᠢᠣ᠋ ᠶᠢ ᠦᠶᠯᠡᠳᠴᠦ᠂ ᠠᠵᠢᠯᠯᠠᠭ᠎ᠠ ᠶᠢᠨ ᠤᠬᠠᠭᠤᠯᠭ᠎ᠠ ᠪᠠ ᠢᠯᠡᠴᠢᠯᠡᠯᠲᠡ ᠶᠢᠨ ᠬᠡᠮᠵᠢᠶ᠎ᠡ ᠶᠢ ᠨᠡᠮᠡᠭᠳᠡᠭᠦᠯᠵᠦ᠂ ᠢᠳᠡᠭᠡᠨ ᠤᠮᠳᠠᠭᠠᠨ ᠤ ᠬᠡᠷᠡᠭᠯᠡᠭᠡᠨ ᠤ ᠬᠠᠯᠠᠮᠰᠢᠯ ᠢ ᠢᠳᠡᠪᠬᠢᠲᠡᠶ ᠳᠡᠭᠡᠭᠰᠢᠯᠡᠭᠦᠯᠪᠡ᠃   ᠠᠵᠤ ᠠᠬᠤᠶᠢᠯᠠᠯ ᠤᠨ ᠣᠨᠴᠠᠯᠢᠭᠲᠤ ᠨᠣᠭᠤᠭ᠎ᠠ ᠴᠠᠭ᠎ᠠ᠂ ᠢᠵᠢ ᠬᠤᠭᠤᠯᠠ ᠭᠠᠷᠭᠠᠬᠤ ᠶᠢ ᠵᠣᠷᠢᠭᠵᠢᠭᠤᠯᠵᠤ᠂ ᠢᠳᠡᠭᠡᠨ ᠤᠮᠳᠠᠭᠠᠨ ᠤ ᠬᠡᠷᠡᠭᠯᠡᠭᠡ ᠶᠢᠨ ᠰᠣᠩᠭᠤᠯᠲᠠ ᠶᠢ ᠪᠠᠶᠠᠯᠢᠭᠵᠢᠭᠤᠯᠤᠨ᠎ᠠ᠃ ᠪᠠᠶᠠᠨᠨᠠᠭᠤᠷ ᠬᠤᠲᠠ ᠶᠢᠨ ᠾᠧ ᠵᠢᠶᠠ ᠬᠤᠸᠠᠨ ᠬᠤᠭᠤᠯᠠᠨ ᠬᠡᠷ᠂ ᠸᠧᠶ ᠯᠣᠤ ᠵᠤᠸᠠᠩ ᠬᠤᠭᠤᠯᠠᠨ ᠬᠡᠷ ᠵᠡᠷᠭᠡ ᠢᠳᠡᠭᠡᠨ ᠤᠮᠳᠠᠭᠠᠨ ᠤ ᠠᠵᠤ ᠠᠬᠤᠶᠢᠯᠠᠯ ᠪᠣᠷᠣᠲᠣᠬᠤᠶ ᠣᠷᠣᠨ ᠤ ᠠᠮᠲᠠᠲᠤ ᠢᠳᠡᠭᠡᠨ ᠤ ᠰᠣᠶᠣᠯ ᠳᠤ ᠲᠦᠰᠢᠭᠯᠡᠨ᠂ ᠪᠣᠷᠣᠲᠣᠬᠤᠶ ᠶᠢᠨ  ︽ᠬᠠᠲᠠᠭᠤ ᠳᠥᠷᠪᠡᠨ ᠲᠠᠪᠠᠭ︾ ᠤᠯᠠᠮᠵᠢᠯᠠᠯᠲᠤ ᠴᠠᠭᠠᠨ ᠰᠠᠷ᠎ᠠ ᠶᠢᠨ ᠪᠠᠷᠠᠭ᠎ᠠ ᠶᠢ ᠤᠷᠢᠳᠴᠢᠯᠠᠨ ᠪᠣᠭᠤᠳᠠᠯᠯᠠᠬᠤ ᠢᠳᠡᠭᠡᠨ ᠭᠠᠷᠭᠠᠪᠠ︔ ᠮᠠᠨᠵᠤᠤᠷ ᠬᠤᠳᠠ ᠶᠢᠨ ᠰᠢᠶᠠᠩ ᠭᠧ ᠯᠢ ᠯᠡ ᠪᠠᠭᠤᠳᠠᠯ᠂ ᠨᠥᠬᠦᠷᠯᠡᠯ ᠵᠣᠴᠢᠳ ᠤᠨ ᠪᠠᠭᠤᠳᠠᠯ ᠂ ᠬᠡᠦᠬᠡᠯᠳᠡᠢ ᠵᠣᠴᠢᠳ ᠤᠨ ᠪᠠᠭᠤᠳᠠᠯ ︽ᠪᠠᠶᠠᠷ ᠪᠠᠶᠠᠰᠤᠯ ᠲᠠᠢ ᠰᠢᠨ᠎ᠡ ᠵᠢᠯ ᠢᠶᠠᠨ ᠪᠡᠯᠭᠡᠯᠡᠬᠦ︾ ᠠᠵᠢᠯᠯᠠᠭ᠎ᠠ ᠥᠷᠨᠢᠭᠦᠯᠵᠦ᠂ ᠴᠠᠭᠠᠨ ᠰᠠᠷ᠎ᠠ ᠶᠢᠨ ᠢᠵᠢ ᠬᠤᠭᠤᠯᠠ ᠭᠠᠷᠭᠠᠵᠤ᠂ ᠴᠠᠭᠠᠨ ᠰᠠᠷ᠎ᠠ ᠶᠢᠨ ᠦᠨᠦᠷ ᠠᠮᠲᠠ ᠶᠢ ᠭᠡᠷ  ᠲᠤᠨᠢ ᠬᠦᠷᠭᠡᠬᠦ ᠵᠡᠷᠭᠡ ᠠᠵᠢᠯᠯᠠᠭ᠎ᠠ ᠥᠷᠨᠢᠭᠦᠯᠪᠡ︔ ᠣᠷᠳᠣᠰ ᠬᠤᠲᠠ ᠶᠢᠨ ᠣᠯᠠᠨ ᠢᠳᠡᠭᠡᠨ ᠤᠮᠳᠠᠭᠠᠨ ᠤ ᠠᠵᠤ ᠠᠬᠤᠶᠢᠯᠠᠯ ᠪᠢᠲᠡᠭᠦᠨ ᠤ ᠰᠥᠨᠢ ᠶᠢᠨ ᠬᠤᠭᠤᠯᠠᠨ ᠴᠤᠭᠯᠠᠭᠠᠨ ᠪᠡᠯᠡᠭ ᠬᠦᠷᠭᠡᠬᠦ ᠠᠵᠢᠯᠯᠠᠭ᠎ᠠ ᠥᠷᠨᠢᠭᠦᠯᠪᠡ᠃ ᠡᠯ᠎ᠡ ᠵᠦᠶᠯ ᠤᠨ ᠠᠵᠢᠯᠯᠠᠭ᠎ᠠ ᠨᠢ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ᠂ ᠢᠳᠡᠭᠡᠨ ᠤᠮᠳᠠᠭᠠᠨ ᠤ ᠬᠡᠷᠡᠭᠯᠡᠭᠡ ᠶᠢ ᠳᠠᠶᠢᠴᠢᠯᠠᠬᠤ ᠶᠢᠨ ᠬᠠᠮᠲᠤ᠂ ᠬᠡᠷᠡᠭᠯᠡᠭᠴᠢᠳ ᠤᠨ ᠵᠣᠯ ᠵᠢᠷᠭᠠᠯ ᠤᠨ ᠲᠥᠷᠥᠭᠳᠡᠯ ᠢ ᠨᠠᠩ ᠳᠡᠭᠡᠭᠰᠢᠯᠡᠭᠦᠯᠪᠡ᠃ 
 
ᠢᠷᠡᠯᠲᠡ᠄ ᠲᠣᠳᠤᠷᠬᠠᠢ ᠦᠭᠡᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号