2023 ᠣᠨ ᠤ ᠪᠥᠬᠦ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠶᠠᠷᠢᠯᠴᠠᠬᠤ ᠬᠤᠷᠠᠯ ᠵᠢᠴᠢ ᠬᠡᠷᠡᠭᠯᠡᠭᠡ ᠶᠢ ᠠᠬᠢᠭᠤᠯᠬᠤ ᠰᠠᠨᠠᠯ ᠬᠤᠷᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/31
    2023 ᠣᠨ ᠤ 1 ᠳ᠋ᠤᠭᠡᠷ ᠰᠠᠷ᠎ᠠ ᠶᠢᠨ 31 ᠤ ᠡᠳᠦᠷ᠂ ᠪᠥᠬᠦ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠶᠠᠷᠢᠯᠴᠠᠬᠤ ᠬᠤᠷᠠᠯ ᠵᠢᠴᠢ ᠬᠡᠷᠡᠭᠯᠡᠭᠡ ᠶᠢ ᠠᠬᠢᠭᠤᠯᠬᠤ ᠰᠠᠨᠠᠯ ᠬᠤᠷᠢᠶᠠᠬᠤ ᠬᠤᠷᠠᠯ ᠬᠢᠶ᠎ᠠ ᠪᠠᠭᠰᠢ  ᠳᠤ ᠬᠤᠷᠠᠯᠳᠤᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠢᠶᠣᠣ ᠴᠧᠩ ᠢᠤᠢ ᠬᠤᠷᠠᠯ ᠡᠷᠬᠢᠯᠡᠵᠦ ᠶᠠᠷᠢᠶ᠎ᠠ    ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦᠷᠢᠨᠴᠢᠮᠡᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
鄂尔多斯市商务局运行科1.png 
    ᠬᠤᠷᠠᠯ ᠨᠢ ᠨᠢᠭᠤᠷᠳᠠᠨ ᠶᠠᠷᠢᠯᠴᠠᠬᠤ ᠬᠡᠯᠪᠡᠷᠢ ᠪᠠᠷ᠂ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠰᠤᠨᠤᠰᠬᠤ ᠶᠢᠨ ᠬᠠᠮᠲᠤ ᠰᠠᠨᠠᠯ ᠢᠶᠠᠨ ᠭᠦᠨᠵᠡᠭᠡᠶ ᠰᠤᠯᠢᠯᠴᠠᠨ ᠠᠭᠤᠵᠢᠷᠠᠲᠠᠯ᠎ᠠ ᠶᠠᠷᠢᠯᠴᠠᠵᠤ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠪᠣᠯᠤᠨ ᠬᠦᠰᠡᠯ ᠱᠠᠭᠠᠷᠳᠠᠯᠭ᠎ᠠ ᠶᠢ ᠲᠤᠬᠠᠶ ᠶᠢᠨ ᠲᠠᠯᠠᠪᠠᠶ ᠳᠤ ᠠᠯᠪᠠᠯᠠᠨ ᠰᠢᠶᠳᠪᠦᠷᠢᠯᠡᠵᠦ᠂ ᠪᠥᠬᠦ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠨ ᠬᠦᠭᠵᠢᠯᠲᠡ ᠶᠢ ᠲᠦᠷᠭᠡᠳᠬᠡᠵᠦ ᠂ ᠵᠠᠰᠠᠭ ᠠᠵᠤ ᠠᠬᠤᠶᠢᠯᠠᠯ ᠤᠨ ᠰᠢᠭᠤᠳ  ᠨᠡᠪᠲᠡᠷᠡᠯᠴᠡᠭᠡ ᠶᠢᠨ ︽ ᠵᠠᠰᠠᠭ ᠬᠤᠳᠠᠯᠳᠤᠭᠠᠴᠢᠨ ᠳᠣᠲᠣᠨᠣ ᠴᠢᠬᠡᠴᠢ︾ ᠬᠠᠷᠢᠴᠠᠭ᠎ᠠ ᠶᠢ ᠪᠠᠶᠢᠭᠤᠯᠪᠠ᠃  
鄂尔多斯市商务局运行科2.png 
    ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠳᠤᠲᠠᠭᠳᠠᠵᠤ ᠪᠣᠯᠤᠰᠢ ᠦᠭᠡᠢ ᠬᠦᠴᠦᠨ ᠮᠥᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠭᠤᠣᠯ ᠬᠦᠴᠦᠨ ᠮᠥᠨ᠂ ᠨᠡᠩ ᠴᠤ ᠥᠷᠭᠡᠨ ᠤᠯᠠᠨ ᠲᠦᠮᠡᠨ ᠤ ᠠᠵᠢᠯ ᠠᠮᠢᠳᠤᠷᠠᠯ ᠳᠤᠮᠳᠠᠬᠢ ᠨᠢᠭᠲᠠ ᠬᠤᠯᠪᠣᠭ᠎ᠠ ᠲᠠᠢ ᠴᠢᠬᠤᠯᠠ ᠪᠦᠷᠢᠯᠳᠦᠬᠦᠨ ᠬᠡᠰᠡᠭ ᠮᠥᠨ᠃ ᠬᠡᠷᠡᠭᠯᠡᠭᠡ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠰᠡᠷᠭᠦᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠬᠤ ᠦᠶᠯᠡᠳᠦᠯ ᠢ ᠦᠨᠡᠨᠬᠦ  ᠴᠢᠩᠭᠠᠳᠬᠠᠵᠤ᠂ ᠲᠤᠭ ᠲᠡᠮᠳᠡᠭ ᠲᠣᠳᠣᠷᠬᠠᠶ᠂ ᠦᠨᠡᠨ ᠪᠣᠳᠠᠲᠠᠶ ᠪᠠᠷ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠣᠳᠣᠷᠬᠠᠶ ᠵᠢᠭᠠᠵᠤ ᠥᠭᠬᠦ ᠬᠡᠷᠡᠭᠲᠡᠶ᠃ ᠵᠠᠰᠠᠭ ᠠᠵᠤ ᠠᠬᠤᠶᠢᠯᠠᠯ ᠬᠠᠮᠲᠤᠷᠠᠨ ᠬᠥᠳᠡᠯᠦᠯᠴᠡᠵᠦ ᠬᠡᠷᠡᠭᠯᠡᠭᠡ ᠶᠢ ᠠᠬᠢᠭᠤᠯᠬᠤ ᠶᠢ ᠵᠣᠷᠢᠭᠵᠢᠭᠤᠯᠵᠤ᠂ ᠲᠥᠷᠥ  ᠶᠢᠨ ᠪᠣᠳᠣᠯᠭ᠎ᠠ ᠶᠢᠨ ᠦᠷᠡᠵᠢᠭᠦᠯᠬᠦ ᠲᠣᠭᠠᠨ ᠤ ᠦᠢᠯᠡᠳᠦᠯ ᠢ ᠲᠦᠷᠭᠡᠳᠭᠡᠨ ᠪᠣᠶ ᠪᠣᠯᠭᠠᠵᠤ᠂ ᠬᠡᠷᠡᠭᠯᠡᠭᠡ ᠶᠢᠨ ᠲᠠᠰ ᠳᠡᠪᠰᠢᠵᠦ ᠥᠷᠭᠡᠳᠬᠡᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠦᠷᠭᠦᠯᠵᠢᠯᠡᠨ ᠭᠦᠨ ᠠᠭᠤᠳᠠᠯᠤᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠳᠤ ᠲᠦᠰᠢᠭᠯᠡᠨ ᠵᠠᠬ᠎ᠠ ᠳᠡᠯᠭᠡᠭᠦᠷ ᠤᠨ ᠰᠡᠷᠭᠦᠨ ᠬᠥᠭᠵᠢᠬᠦ ᠨᠡᠶᠢᠯᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠵᠠᠰᠠᠭ ᠠᠵᠤ ᠠᠬᠤᠶᠢᠯᠠᠯ ᠤᠨ ᠰᠣᠯᠢᠯᠴᠠᠭᠠᠨ  ᠤ ᠲᠠᠪᠴᠠᠩ ᠢ ᠪᠠᠶᠢᠭᠤᠯᠤᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠠᠵᠤ ᠠᠬᠤᠶᠢᠯᠠᠯ ᠤᠨ ᠬᠦᠴᠢᠷᠳᠡᠯ ᠢ ᠣᠶᠢᠯᠭᠠᠨ᠂ ᠠᠵᠤ ᠠᠬᠤᠶᠢᠯᠠᠯ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠ ᠥᠷᠭᠡᠨ ᠢᠶᠠᠷ ᠤᠬᠠᠭᠤᠯᠤᠨ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠢ ᠳᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃ 
鄂尔多斯市商务局运行科3.png 
    ᠥᠩᠭᠡᠷᠡᠭᠰᠡᠨ ᠨᠢᠭᠡ ᠵᠢᠯ ᠳᠤ᠂ ᠮᠠᠨ ᠤ ᠬᠤᠲᠠ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠪᠦᠷᠢᠨ ᠪᠠᠷᠠᠭ᠎ᠠ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶ᠎ᠡ ᠴᠠᠷᠠᠭ᠎ᠠ ᠠᠴᠠ ᠭᠠᠷᠳᠠᠵᠤ᠂ ᠬᠠᠮᠤᠷᠬᠤ ᠬᠡᠪᠴᠢᠶ᠎ᠡ ᠪᠠᠷ ᠥᠷᠭᠡᠨ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠬᠡᠷᠡᠭᠯᠡᠭᠡᠨ ᠤ ᠨᠥᠬᠦᠪᠥᠷᠢ ᠶᠢᠨ ᠠᠯᠢ ᠤᠯᠠᠨ ᠲᠥᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠨᠡᠶᠢᠲᠡ 6400 ᠭᠠᠷᠤᠢ ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠣᠷᠣᠯᠭ᠎ᠠ ᠶᠢ 44.88 ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠶᠢᠴᠢᠯᠠᠭᠰᠠᠨ ᠪᠠᠶᠢᠨ᠎ᠠ᠃ ᠬᠢᠵᠢᠭ ᠤᠨ ᠪᠠᠶᠢᠳᠠᠯ ᠤᠨ ᠠᠰᠢᠭ ᠥᠬᠡᠶ ᠨᠥᠯᠥᠭᠡ ᠶᠢ ᠬᠤᠷᠢᠭᠯᠠᠬᠤ᠂ ᠬᠡᠷᠡᠭᠯᠡᠭᠡᠨ ᠤ ᠢᠲᠡᠭᠡᠯ ᠢ ᠬᠥᠪᠴᠢᠯᠡᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠢᠳᠡᠪᠬᠢᠲᠡᠶ ᠦᠶᠯᠡᠳᠦᠯ ᠦᠵᠡᠭᠦᠯᠵᠦ᠂ ᠪᠦᠬᠦ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠢᠯᠡᠳᠲᠡ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠢᠨ᠎ᠡ ᠨᠢᠭᠡ ᠵᠢᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠪᠠᠶᠢᠳᠠᠯ ᠢ ᠬᠢᠨᠠᠮᠠᠭᠠᠶ ᠵᠠᠳᠠᠯᠠᠵᠦ ᠰᠤᠳᠤᠯᠤᠨ ᠮᠠᠭᠠᠳᠯᠠᠵᠤ᠂ ᠲᠣᠰ ᠤᠳᠠᠭᠠᠨ ᠤ ᠬᠤᠷᠠᠯ ᠤᠨ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠲᠠᠢ ᠤᠶᠠᠯᠳᠤᠭᠤᠯᠤᠨ᠂ ᠣᠳᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠡᠷᠡᠭᠯᠡᠭᠡᠨ ᠤ ᠬᠡᠷᠡᠭᠴᠡᠭᠡ ᠳᠤ ᠨᠡᠶᠢᠴᠡᠭᠰᠡᠨ ᠰᠢᠨ᠎ᠡ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠣᠷᠳᠣᠰ ᠤᠨ ᠨᠠᠩ ᠣᠯᠠᠨ ᠬᠡᠷᠡᠭᠯᠡᠭᠡᠨ  ᠤ ᠰᠢᠨ᠎ᠡ ᠬᠠᠯᠠᠮᠰᠢᠯ ᠴᠡᠭ ᠢ ᠦᠷᠭᠦᠯᠵᠢᠯᠡᠨ ᠬᠦᠭᠵᠢᠭᠡᠨ᠎ᠡ︕ 
 
ᠢᠷᠡᠯᠲᠡ᠄ ᠣᠷᠳᠤᠰ ᠬᠤᠲᠠ ᠶᠢᠨ ᠬᠤᠳᠠᠯᠳᠣᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号