ᠥᠪᠥᠷ ᠮᠣᠩᠭᠤᠯ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠨᠡᠶᠢᠲᠡᠯᠡᠪᠡ
ᠨᠡᠶᠢᠲᠡᠯᠡᠭᠰᠡᠨ ᠴᠠᠭ᠄
2023/1/4
    ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠣᠬᠢᠬᠤ ᠦᠷ᠎ᠡ ᠪᠦᠲᠦᠮᠵᠢ ᠤᠯᠪᠠ᠃ ᠭᠠᠳᠠᠭᠠᠳᠤ ᠶᠢᠨ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠦᠶᠯᠡᠴᠢᠯᠡᠭᠡ ᠣᠷᠣᠨ ᠤ ᠳᠣᠲᠣᠷᠠᠬᠢ ᠵᠠᠬ᠎ᠠ ᠳᠡᠯᠭᠡᠭᠦᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠺᠢᠨᠣ᠋ ᠲᠧᠯᠸᠢᠰ ᠵᠦᠴᠦᠭᠡ᠂ ᠨᠣᠮ ᠪᠢᠴᠢᠭ ᠵᠡᠷᠭᠡ ᠬᠦᠷᠢᠶᠡᠨ ᠳᠠᠬᠢ ᠭᠠᠳᠠᠭᠠᠳᠤ ᠭᠠᠷᠭᠠᠯᠲᠠ ᠦᠳᠲᠡᠷ ᠲᠦᠷᠭᠡᠨ ᠬᠥᠭᠵᠢᠵᠦ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠬᠤᠷᠢᠶ᠎ᠠ ᠮᠣᠩᠭᠤᠯ ᠤᠯᠤᠰ ᠤᠨ ᠣᠯᠠᠨ ᠭᠤᠤᠯ ᠵᠠᠭᠤᠴᠢᠯᠠᠭᠤᠷ ᠲᠤ ᠳᠤᠮᠳᠠᠳᠤ ᠤᠯᠤᠰ ᠤᠨ ᠺᠢᠨᠣ᠋ ᠲᠧᠯᠸᠢᠰ ᠵᠦᠴᠦᠭᠡ᠂ ᠤᠳᠬ᠎ᠠ ᠤᠷᠠᠯᠢᠭ ᠤᠨ ᠲᠥᠷᠥᠯ ᠤᠨ ᠫᠷᠣᠭ᠍ᠷᠠᠮ  ᠢ ᠨᠡᠪᠲᠡᠷᠡᠭᠦᠯᠵᠦ᠂ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ  ᠶᠢᠨ ᠣᠯᠠᠨ ᠵᠦᠶᠯ ᠤᠨ ᠮᠣᠩᠭᠤᠯ ᠬᠢᠲᠠᠳ ᠬᠡᠯᠡᠨ ᠤ ᠨᠣᠮ ᠪᠢᠴᠢᠭ ᠢ ᠣᠷᠣᠰ᠂ ᠭᠧᠷᠮᠠᠨ᠂ ᠶᠠᠫᠣᠨ᠂ ᠠᠮᠧᠷᠢᠺᠠ ᠵᠢᠴᠢ ᠵᠡᠭᠦᠨ ᠡᠮᠦᠨᠡᠲᠦ ᠠᠽᠢᠶ᠎ᠠ ᠵᠡᠷᠭᠡ ᠤᠯᠤᠰ ᠪᠠ ᠭᠠᠵᠠᠷ ᠣᠷᠣᠨ ᠳᠤ ᠪᠣᠷᠣᠯᠠᠭᠤᠯᠵᠤ᠂ ᠭᠠᠳᠠᠭᠠᠳᠤ ᠶᠢᠨ ᠬᠡᠷᠡᠭᠯᠡᠭᠴᠢᠳ ᠤᠨ ᠬᠦᠷᠢᠶᠡᠯᠡᠯ ᠢ ᠣᠯᠵᠠᠢ ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2021 ᠣᠨ ᠳᠤ᠂ ᠮᠠᠨ ᠤ ᠣᠷᠣᠨ ᠤ ᠬᠤᠪᠢ ᠬᠥᠮᠦᠨ᠂ ᠰᠣᠶᠣᠯ ᠪᠠ ᠵᠤᠭ᠎ᠠ ᠴᠡᠩᠭᠡᠯ ᠤᠨ ᠦᠶᠯᠡᠴᠢᠯᠡᠭᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 94.7 % ᠪᠠᠷ ᠨᠡᠮᠡᠭᠳᠡᠪᠡ᠃   ᠠᠮᠵᠢᠯᠲᠠ ᠣᠯᠤᠭᠰᠠᠨ ᠤ ᠬᠠᠮᠲᠤ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠥᠭᠵᠢᠯᠲᠡ ᠳᠤ ᠪᠠᠰᠠ ᠵᠠᠷᠢᠮ ᠠᠰᠠᠭᠤᠳᠠᠯ ᠪᠠ ᠳᠤᠲᠠᠭᠤᠳᠠᠯ ᠣᠷᠣᠰᠢᠵᠤ᠂ ᠰᠣᠶᠣᠯ ᠤᠨ ᠠᠷᠠᠯᠵᠢᠶ᠎ᠠ ᠶᠢᠨ ᠬᠥᠭᠵᠢᠯᠲᠡ ᠳᠤ ᠮᠥᠨ ᠨᠡᠯᠢᠶᠡᠳ ᠶᠡᠭᠡ ᠣᠷᠣᠨ ᠵᠠᠶ ᠪᠠ ᠳᠠᠯᠳᠠ ᠬᠦᠴᠦᠨ ᠲᠠᠢ ᠪᠠᠶᠢᠨ᠎ᠠ᠃ ᠰᠣᠶᠣᠯ ᠤᠨ ᠠᠷᠠᠯᠵᠢᠶ᠎ᠠ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠶᠴᠡᠳ ᠬᠥᠭᠵᠢᠭᠡᠬᠦ ᠶᠢᠨ ᠲᠥᠯᠥᠭᠡ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ 25 ᠰᠠᠯᠠᠭ᠎ᠠ ᠮᠥᠴᠢᠷ ᠬᠠᠮᠲᠤᠷᠠᠨ《ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠪᠠ᠃《ᠰᠠᠨᠠᠯ》 ᠳᠤ ᠣᠲᠣ ᠦᠶ᠎ᠡ ᠶᠢᠨ ᠰᠣᠶᠣᠯ ᠤᠨ ᠠᠵᠤ ᠦᠶᠯᠡᠰ ᠤᠨ ᠰᠢᠰᠲ᠋ᠧᠮ ᠢ ᠪᠦᠷᠢᠨᠰᠢᠬᠦᠯᠬᠦ᠂ ᠰᠣᠶᠣᠯ ᠤᠨ ᠠᠷᠠᠯᠵᠢᠶᠠᠨ ᠤ ᠭᠤᠤᠯ ᠴᠣᠭᠴᠠ ᠶᠢ ᠪᠣᠶᠢᠵᠢᠭᠤᠯᠬᠤ᠂ ᠰᠣᠶᠣᠯ ᠤᠨ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ᠂ ᠰᠣᠶᠣᠯ ᠤᠨ ᠭᠠᠳᠠᠭᠠᠳᠤ ᠭᠠᠷᠭᠠᠯᠲᠠ ᠶᠢᠨ ᠭᠤᠤᠯᠳᠠᠯᠭ᠎ᠠ ᠲᠠᠢ ᠲᠠᠪᠴᠠᠩ ᠢ ᠪᠠᠶᠢᠭᠤᠯᠬᠤ᠂ ᠲᠥᠷᠥ ᠶᠢᠨ ᠪᠣᠳᠣᠯᠭ᠎ᠠ  ᠶᠢᠨ ᠳᠡᠮᠵᠢᠯᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠭᠤᠤᠯᠯᠠᠭᠤᠯᠤᠨ᠂ 21 ᠵᠦᠶᠯ ᠤᠨ ᠪᠣᠳᠠᠲᠠᠶ ᠡᠭᠦᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠴᠢᠨᠠᠷ ᠰᠠᠶᠢᠲᠠᠶ ᠰᠣᠶᠣᠯ ᠤᠨ ᠪᠦᠲᠦᠭᠡᠭᠳᠡᠬᠦᠨ ᠪᠠ ᠦᠶᠯᠡᠴᠢᠯᠡᠭᠡ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠥᠷᠭᠡᠳᠬᠡᠵᠦ᠂ ᠳᠤᠮᠳᠠᠳᠤ ᠶᠢᠨ ᠰᠣᠶᠣᠯ ᠤᠨ ᠭᠠᠳᠠᠭᠰᠢ ᠭᠠᠷᠬᠤ ᠶᠢ ᠢᠳᠡᠪᠬᠢᠲᠡᠶ ᠳᠥᠯᠭᠢᠨ ᠠᠬᠢᠭᠤᠯᠵᠤ᠂ ᠲᠤᠭᠠᠵᠢᠭᠤᠯᠬᠤ ᠬᠥᠭᠵᠢᠯᠲᠡ ᠶᠢᠨ ᠬᠠᠨᠳᠤᠰᠢ ᠳᠤ ᠨᠡᠶᠢᠴᠡᠭᠰᠡᠨ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠲᠦᠷᠢᠮ ᠤᠨ ᠪᠣᠷᠣ ᠲᠥᠯᠥᠪ ᠢ ᠪᠠᠶᠢᠭᠤᠯᠬᠤ ᠪᠠᠷ ᠵᠣᠷᠢᠯᠭ᠎ᠠ ᠪᠣᠯᠭᠠᠵᠠᠶ᠃   ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠲᠠᠢ ᠬᠠᠮᠲᠤᠷᠠᠨ《ᠰᠠᠨᠠᠯ》 ᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠤᠨ᠎ᠠ᠃ 
 
ᠢᠷᠡᠯᠲᠡ᠄ ᠲᠣᠲᠣᠷᠬᠠᠢ ᠦᠭᠡᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号