︽ᠦᠬᠠᠢ ᠶᠢᠨ ᠪᠡᠯᠡᠭ︾ᠰᠢᠨ᠎ᠡ ᠵᠢᠯ ᠤᠨ ᠰᠡᠳᠬᠢᠯᠲᠦ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/1/6
   ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠠᠯᠠᠮᠰᠢᠯ ᠴᠡᠭ ᠢ ᠬᠦᠴᠦᠯᠡᠨ ᠪᠤᠢ ᠪᠣᠯᠭᠠᠵᠤ᠂ ᠬᠡᠷᠡᠭᠯᠡᠭᠴᠢᠳ ᠤᠨ ᠤᠯᠠᠨ ᠡᠰᠢᠲᠦ ᠣᠨ ᠤ ᠪᠠᠷᠠᠭᠠᠨ ᠤ ᠬᠡᠷᠡᠭᠴᠡᠭᠡ ᠶᠢ ᠬᠠᠩᠭᠠᠵᠤ᠂ ︽ᠦᠬᠠᠢ  ᠶᠢᠨ ᠪᠡᠯᠡᠭ︾ ᠭᠡᠬᠦ ᠤᠯᠠᠨ ᠨᠡᠶᠢᠲᠡ ᠶᠢᠨ ᠲᠦᠷᠦᠯ ᠲᠡᠮᠳᠡᠭ ᠤᠨ ᠠᠯᠳᠠᠷᠰᠢᠯ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠥᠷᠭᠡᠨ ᠤᠯᠠᠨ ᠬᠤᠳᠠ ᠶᠢᠨ ᠠᠷᠠᠳ ᠲᠤ ᠪᠠᠶᠠᠷ ᠬᠦᠷ ᠲᠠᠢ ᠡᠶ᠎ᠡ ᠨᠠᠶᠢᠷᠠᠮᠳᠠᠭᠤ᠂ ᠴᠠᠭᠠᠨ ᠰᠠᠷ᠎ᠠ ᠶᠢ ᠪᠠᠶᠠᠷᠯᠠᠨ ᠤᠭᠲᠤᠬᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠂ ᠬᠠᠶᠢᠯᠠᠷ ᠬᠤᠶᠢᠲᠤ ᠵᠠᠮ ᠤᠨ︽ᠦᠬᠠᠢ ᠶᠢᠨ ᠪᠡᠯᠡᠭ︾ ᠦᠨ ᠬᠤᠰᠢᠭᠤᠴᠢ ᠳᠡᠯᠭᠡᠭᠦᠷ ᠲᠤ ᠡᠷᠬᠢᠯᠡᠭᠰᠡᠨ ᠰᠢᠨ᠎ᠡ ᠵᠢᠯ ᠤᠨ ᠰᠡᠳᠬᠢᠯᠲᠦ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠠᠵᠢᠯᠯᠠᠭ᠎ᠠ 1 ᠰᠠᠷ᠎ᠠ ᠶᠢᠨ 5 ᠤ ᠡᠳᠦᠷ ᠵᠢᠩᠬᠢᠨᠢ ᠪᠠᠷ ᠡᠬᠢᠯᠡᠪᠡ  ᠃ 
“乌海有礼”新年心意年货节活动开启.png 
    ᠲᠤᠰ ᠤᠳᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠠᠵᠢᠯᠯᠠᠭ᠎ᠠ  ᠨᠢ 1 ᠰᠠᠷ᠎ᠠ ᠶᠢᠨ 31 ᠪᠣᠯᠲᠠᠯ᠎ᠠ ᠦᠷᠭᠦᠯᠵᠢᠯᠡᠵᠦ᠂ 1 ᠰᠠᠷ᠎ᠠ ᠰᠢᠬᠠᠮ ᠦᠷᠭᠦᠯᠵᠢᠯᠡᠬᠦ ᠪᠣᠯᠤᠨ᠎ᠠ  ᠃ ᠠᠵᠢᠯᠯᠠᠭ᠎ᠠ ᠶᠢᠨ ᠬᠤᠭᠤᠴᠠᠭᠠᠨ ᠳᠤ᠂ ᠬᠠᠶᠢᠯᠠᠷ ᠵᠠᠮ ᠤᠨ ᠬᠤᠰᠢᠭᠤᠴᠢ ᠳᠡᠯᠭᠡᠭᠦᠷ ᠲᠤ ᠰᠢᠶᠤᠤ ᠯᠢ ᠲᠡᠮᠡᠭᠡᠨ ᠰᠦ᠂ ᠸᠠᠩ ᠵᠢᠶ ᠦ ᠨᠢᠤ᠂ ᠶᠤᠸᠠᠨ ᠳ᠋ᠢ ᠠᠷᠠᠯᠵᠢᠶ᠎ᠠ ᠬᠤᠳᠠᠯᠳᠤᠭ᠎ᠠ᠂ ᠬᠠᠨ ᠰᠧᠨ᠂ ᠶᠠᠩ ᠭᠤᠸᠠᠩ ᠲᠢᠶᠠᠨ ᠢᠦ᠋ᠶ᠂ ᠶᠦᠨ ᠹᠸᠢ᠂ ᠵᠢᠶ ᠤᠤᠨᠢ᠂ ᠱᠢ ᠸᠠᠶ ᠲᠤᠤ ᠶᠤᠸᠠᠨ᠂ ᠲᠢᠶᠠᠨ ᠾᠧ ᠬᠥ᠋᠂ ᠷᠦᠨ ᠲᠠᠢ ᠲᠡᠭ ᠨᠡᠭᠦᠷᠡᠰᠦᠲᠥ᠋ᠷᠥᠭᠴᠢ᠂ ᠭᠦᠸᠧ ᠽᠢ ᠲᠠᠷᠢᠶᠠᠯᠠᠩ᠂ ᠰᠠᠶ ᠰᠢᠩ᠂ ᠰᠢᠩ ᠰᠢᠨ ᠲᠠᠷᠢᠶᠠᠯᠠᠩ᠂ ᠯᠢᠶᠠᠩ ᠫᠢᠨ ᠴᠠᠶ ᠶᠢᠨ ᠬᠤᠷᠰᠢᠶ᠎ᠠ᠂ ᠪᠦ᠋ᠦ ᠶᠤᠸᠠᠨ ᠲᠠᠷᠢᠶᠠᠯᠠᠩ᠂ ᠲᠦᠮᠡᠨ ᠮᠥ ᠲᠠᠨ ᠠᠵᠤ ᠠᠬᠤᠶ ᠶᠢᠨ ᠬᠤᠷᠰᠢᠶ᠎ᠠ᠂ ᠯᠢᠩ ᠾᠧᠩ ᠲᠠᠷᠢᠶᠠᠴᠢᠳ ᠤᠨ ᠲᠤᠰᠬᠠᠶ ᠬᠤᠷᠰᠢᠶ᠎ᠠ ᠵᠡᠷᠭᠡ ᠠᠵᠤ ᠠᠬᠤᠶᠢᠯᠠᠯ  ᠣᠷᠤᠯᠴᠠᠵᠤ ᠴᠢᠨᠠᠷ ᠰᠠᠶᠢᠲᠠᠶ ᠦᠶᠯᠡᠳᠬᠦᠨ ᠢ ᠳᠡᠯᠭᠡᠨ ᠪᠣᠷᠣᠯᠠᠭᠤᠯᠪᠠ᠃ ᠡᠭᠦᠨ ᠤ ᠬᠠᠮᠲᠤ ᠳᠡᠯᠭᠡᠭᠦᠷ ᠲᠤ ᠬᠦᠷᠴᠦ ᠪᠠᠷᠠᠭ᠎ᠠ ᠬᠤᠳᠠᠯᠳᠤᠨ ᠠᠪᠬᠤ ᠪᠡᠯᠡᠭ ᠤᠨ ᠬᠠᠶᠢᠷᠴᠠᠭ ᠢ ᠰᠠᠨᠠᠭ᠎ᠠ ᠪᠠᠷ ᠢᠶᠠᠨ ᠲᠣᠬᠢᠷᠠᠭᠤᠯᠬᠤ᠂ ᠰᠣᠳᠣᠨ ᠪᠡᠯᠡᠭ ᠬᠦᠷᠭᠡᠬᠦ ᠵᠡᠷᠭᠡ ᠣᠯᠠᠨ ᠵᠦᠶᠯ ᠤᠨ ᠠᠵᠢᠯᠯᠠᠭ᠎ᠠ ᠥᠷᠨᠢᠭᠦᠯᠵᠦ ᠂ ᠬᠡᠷᠡᠭᠯᠡᠭᠴᠢᠳ ᠲᠤ︽ᠦᠬᠠᠶ ᠶᠢᠨ ᠬᠠᠩᠬᠤᠯᠤᠮ᠎ᠠ ᠦᠨᠦᠷ ᠠᠮᠲᠠ︾᠂ ︽ᠦᠬᠠᠶ ᠶᠢᠨ ᠠᠮᠲᠠ  ᠰᠢᠮᠲᠡ︾ ᠂ ︽ᠦᠬᠠᠶ ᠶᠢᠨ ᠦᠨᠦᠷ ᠠᠮᠲᠠ︾ ᠵᠡᠷᠭᠡ ᠲᠣᠰ ᠭᠠᠵᠠᠷ ᠤᠨ ᠴᠢᠨᠠᠷ ᠰᠠᠶᠢᠲᠠᠶ ᠴᠠᠭᠠᠨ ᠰᠠᠷ᠎ᠠ ᠶᠢᠨ ᠪᠠᠷ᠊ ‍ᠠᠭ᠎ᠠ ᠶᠢ ᠨᠢᠭᠡ ᠯᠡ ᠳᠡᠭᠡᠷ᠎ᠡ ᠬᠤᠳᠠᠯᠳᠤᠨ ᠠᠪᠬᠤ ᠶᠢᠨ ᠬᠠᠮᠲᠤ᠂ ᠦᠨᠡᠨ ᠬᠦ ᠪᠣᠳᠠᠲᠤ ᠠᠰᠢᠭ ᠬᠦᠷᠲᠡᠭᠡᠨ᠎ᠡ  ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︽ᠦᠬᠠᠶ ᠶᠢᠨ ᠪᠡᠯᠡᠭ︾ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠶᠢᠨ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠦᠶᠯᠡᠳᠬᠦᠨ ᠤ ᠠᠭᠤᠯᠭ᠎ᠠ ᠵᠢᠴᠢ ᠲᠥᠷᠥᠯ ᠵᠦᠶᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠡᠩᠨᠡᠭᠡ ᠶᠢ ᠪᠤᠵᠠᠭᠠᠶᠢᠷᠠᠭᠤᠯᠵᠤ᠂ ᠡᠵᠡᠩᠨᠡᠨ ᠪᠣᠷᠣᠯᠠᠭᠤᠯᠬᠤ ᠬᠠᠯᠠᠮᠰᠢᠯ ᠴᠡᠭ ᠢ ᠡᠵᠡᠮᠳᠡᠨ ᠨᠠᠷᠠᠲᠤ ᠲᠥᠷᠥᠯ ᠲᠡᠮᠳᠡᠭᠲᠦ ᠶᠢᠨ ᠪᠣᠭᠤᠳᠠᠯ ᠪᠠᠭᠯᠠᠭ᠎ᠠ ᠶᠢᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠨᠡᠭᠡᠭᠡᠯᠲᠡ ᠶᠢᠨ ᠡᠳᠦᠷ ᠵᠡᠷᠭᠡ ᠠᠵᠢᠯᠯᠠᠭ᠎ᠠ ᠡᠷᠭᠢᠯᠡᠬᠦ ᠪᠠᠷ ᠳᠠᠮᠵᠢᠭᠤᠯᠤᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠤᠨ ᠲᠠᠨᠢᠯᠴᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠨ᠂ ︽ᠦᠬᠠᠶ ᠶᠢᠨ ᠪᠡᠯᠡᠭ︾ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠢ ᠲᠠᠰᠤᠷᠠᠯᠲᠠ ᠥᠬᠡᠶ ᠥᠷᠭᠡᠳᠬᠡᠬᠦ ᠶᠢ ᠠᠬᠢᠭᠤᠯᠵᠤ᠂ ᠨᠠᠩ ᠣᠯᠠᠨ ᠦᠬᠠᠶ ᠶᠢᠨ ᠠᠵᠤ ᠠᠬᠤᠶᠢᠯᠠᠯ ᠤᠨ ᠦᠬᠠᠶ ᠠᠴᠠ ᠭᠠᠷᠴᠤ ᠪᠥᠬᠦ ᠤᠯᠤᠰ ᠲᠤ ᠣᠴᠢᠬᠤ ᠶᠢ  ᠠᠬᠢᠭᠤᠯᠤᠨ᠎ᠠ᠃ 
 
ᠢᠷᠡᠯᠲᠡ᠄ ᠦᠬᠠᠶ ᠬᠣᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号