ᠨᠡᠶᠢᠲᠡᠯᠡᠯ
ᠨᠡᠶᠢᠲᠡᠯᠡᠭᠰᠡᠨ ᠴᠠᠭ᠄
2023/10/31
  ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽2023 ᠣᠨ ᠤ ᠪᠥᠬᠦ ᠣᠷᠣᠨ ᠤ ᠵᠢᠩᠬᠢᠨᠢ ᠳᠡᠭᠡᠳᠦ ᠵᠡᠷᠭᠡ ᠶᠢᠨ ᠪᠠ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠬᠢᠷᠢ ᠬᠡᠮ ᠢ ᠬᠢᠨᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠠᠵᠢᠯ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠲᠢᠩᠬᠢᠮ 2023 ᠣᠨ ᠤ ᠵᠢᠩᠬᠢᠨᠢ ᠳᠡᠭᠡᠳᠦ ᠵᠡᠷᠭᠡ ᠶᠢᠨ ᠪᠠ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠷᠠᠭᠤᠯᠤᠯᠲᠠ ᠳᠤ ᠣᠷᠤᠯᠴᠠᠭᠰᠠᠳ ᠤᠨ ᠨᠡᠷ᠎ᠡ ᠶᠢᠨ ᠪᠦᠷᠢᠳᠭᠡᠯ ᠢ ᠵᠠᠷᠯᠠᠨ ᠨᠡᠶᠢᠲᠡᠯᠡᠵᠦ ᠪᠠᠶᠢᠨ᠎ᠠ᠃  ᠨᠡᠶᠢᠲᠡᠯᠡᠬᠦ ᠴᠠᠭ ᠨᠢ 2023 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ 2023 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠃ ᠨᠡᠶᠢᠲᠡᠯᠡᠯ ᠤᠨ ᠬᠤᠭᠤᠴᠠᠭᠠᠨ ᠳᠤ ᠨᠢᠭᠡᠴᠢ ᠪᠠ ᠬᠤᠪᠢ ᠬᠥᠮᠦᠨ ᠰᠤᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠳᠠᠰᠤ ᠢᠷᠡᠭᠦᠯᠬᠦ ᠵᠡᠷᠭᠡ ᠬᠡᠯᠪᠡᠷᠢ ᠪᠠᠷ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃  ᠤᠲᠠᠰᠤ᠄ 0471 — 6946452  ᠳᠠᠭᠠᠯᠳᠤᠭᠤᠯᠤᠯ᠄ 2023 ᠣᠨ ᠤ ᠵᠢᠩᠬᠢᠨᠢ ᠳᠡᠭᠡᠳᠦ ᠵᠡᠷᠭᠡ ᠶᠢᠨ ᠪᠠ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠷᠠᠭᠤᠯᠤᠯᠲᠠ ᠳᠤ ᠣᠷᠣᠯᠴᠠᠭᠰᠠᠳ ᠤᠨ ᠨᠡᠷ᠎ᠡ ᠶᠢᠨ ᠪᠦᠷᠢᠳᠭᠡᠯ    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  2023 ᠣᠨ ᠤ 10 ᠳ᠋ᠤᠭᠠᠷ ᠰᠠᠷ᠎ᠠ ᠶᠢᠨ 31 ᠤ ᠡᠳᠦᠷ  ᠳᠠᠭᠠᠯᠳᠤᠭᠤᠯᠤᠯ᠄  2023 ᠣᠨ ᠤ ᠵᠢᠩᠬᠢᠨᠢ ᠳᠡᠭᠡᠳᠦ ᠵᠡᠷᠭᠡ ᠶᠢᠨ ᠪᠠ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠯᠡᠯᠲᠡ ᠳᠤ ᠣᠷᠣᠯᠴᠠᠬᠤ.jpg

 

 

 
ᠢᠷᠡᠯᠲᠡ᠄ ᠠᠵᠢᠯᠲᠠᠨ ᠤ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号