ᠬᠥᠬᠡᠬᠤᠲᠠ ᠶᠢᠨ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠣᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠠᠮᠵᠢᠯᠲᠠ ᠲᠠᠢ ᠰᠣᠩᠭᠤᠭᠳᠠᠪᠠ
ᠨᠡᠶᠢᠲᠡᠯᠡᠭᠰᠡᠨ ᠴᠠᠭ᠄
2023/12/22
  ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 8 ᠨᠢᠭᠡᠴᠢ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠬᠥᠬᠡᠬᠤᠲᠠ ᠶᠢᠨ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽2023 ᠣᠨ ᠤ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠣᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠢᠶᠠᠷ ᠦᠨᠡᠯᠡᠭᠳᠡᠪᠡ᠃ ᠣᠳᠣᠬᠠᠨ ᠳᠤ ᠪᠣᠯᠲᠠᠯ᠎ᠠ᠂ ᠮᠠᠨ ᠤ ᠣᠷᠣᠨ ᠳᠤ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ 2 ᠪᠠᠶᠢᠵᠤ᠂ ᠵᠢᠱᠢᠶ᠎ᠡ ᠦᠵᠡᠭᠦᠯᠬᠦ ᠠᠵᠤ ᠠᠬᠤᠶᠢᠯᠠᠯ 3 ᠪᠣᠶ᠃  10 ᠳ᠋ᠤᠭᠠᠷ ᠰᠠᠷ᠎ᠠ ᠶᠢᠨ ᠬᠤᠷᠢᠳ ᠢᠶᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 8 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽2023 ᠣᠨ ᠤ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠣᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠤᠳᠠᠯᠳᠤᠭᠠᠨ ᠤ ᠭᠦᠢᠯᠭᠡᠭᠡᠨ ᠥᠰᠥᠭ ﹇2023﹈ 577 ᠳ᠋ᠤᠭᠠᠷ ᠲᠣᠭᠠᠲᠤ︶ ᠤᠨ ᠶᠣᠰᠣᠭᠠᠷ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠬᠥᠬᠡᠬᠤᠲᠠ ᠶᠢᠨ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ᠤᠨ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠢ ᠮᠡᠳᠡᠭᠦᠯᠦᠨ ᠬᠦᠷᠭᠡᠵᠦ ᠦᠨᠡᠯᠡᠯᠲᠡ ᠳᠤ ᠣᠷᠣᠯᠴᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠲᠣᠰ ᠤᠳᠠᠭᠠᠨ ᠤ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠣᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠲᠤᠷᠰᠢᠯᠲᠠ ᠶᠢᠨ ᠴᠡᠭ ᠪᠣᠯᠬᠤ ᠬᠤᠲᠠ ᠪᠠ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠵᠠᠰᠠᠯᠲᠠ ᠶᠢᠨ ᠪᠠᠶᠢᠭᠤᠯᠤᠯ ᠤᠨ ᠵᠣᠬᠢᠴᠠᠮᠵᠢ ᠪᠠ ᠭᠤᠤᠯᠳᠠᠯᠭ᠎ᠠ ᠲᠠᠢ ᠠᠵᠤ ᠦᠢᠯᠡᠰ ᠤᠨ ᠣᠲᠣ ᠦᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠠᠬᠢᠭᠤᠯᠤᠨ᠎ᠠ᠃ 
 
ᠢᠷᠡᠯᠲᠡ᠄ ᠭᠦᠢᠯᠭᠡᠭᠡᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号