2022 —2023 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠨᠢᠭᠡᠴᠢ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2023/12/7
  ︽ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ︾ ᠤᠨ ᠠᠵᠢᠯ ᠲᠥᠷᠥᠯ ᠤᠨ ᠪᠠᠷᠢᠮᠵᠢᠶ᠎ᠠ ᠶᠢ ᠤᠬᠠᠭᠤᠯᠬᠤ ᠪᠠ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠠᠮᠢ ᠠᠬᠤᠶ ᠶᠢᠨ ᠣᠷᠴᠢᠨ ᠲᠣᠭᠤᠷᠢᠨ ᠢ ᠴᠣᠭᠴᠠᠯᠠᠨ ᠪᠠᠶᠢᠭᠤᠯᠵᠤ᠂ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠪᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ︽ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠠᠵᠢᠯ ᠤᠨ ᠲᠥᠰᠦᠯ︾ ︽ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃ ᠠᠵᠤ ᠠᠬᠤᠶᠢᠯᠠᠯ ᠭᠤᠶᠤᠴᠢᠯᠠᠨ ᠮᠡᠳᠡᠭᠦᠯᠵᠦ᠂ ᠠᠶᠢᠮᠠᠭ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠤᠶᠠᠷ ᠱᠠᠲᠤ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠬᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠬᠤ ᠪᠠᠷ ᠳᠡᠮᠵᠢᠨ᠂ ᠥᠪᠥᠷ ᠮᠣᠩᠭᠤᠯ ᠤᠨ ᠮᠤᠤ ᠶᠧ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠬᠥᠬᠡᠬᠤᠲᠠ ᠶᠢᠨ ᠮᠤᠤ ᠶᠧ ᠶᠢᠨ ᠮᠣᠯ ᠬᠤᠳᠠᠯᠳᠤᠭ᠎ᠠ︶ ᠵᠡᠷᠭᠡ 18 ᠨᠢᠭᠡᠴᠢ ᠶᠢ ᠮᠠᠨ ᠤ ᠣᠷᠣᠨ ᠤ 2022 — 2023 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠨᠢᠭᠡᠴᠢ ᠪᠠᠷ ᠦᠨᠡᠯᠡᠨ ᠲᠣᠭᠲᠠᠭᠠᠬᠤ ᠪᠠᠷ ᠪᠠᠶᠢᠨ᠎ᠠ᠂ ᠣᠲᠣ ᠵᠠᠷᠯᠠᠨ ᠨᠡᠶᠢᠲᠡᠯᠡᠶ᠎ᠡ᠃  2023 ᠣᠨ ᠤ 12 ᠳ᠋ᠤᠭᠠᠷ ᠰᠠᠷ᠎ᠠ ᠶᠢᠨ 7 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠃ ᠬᠡᠷᠪᠡ ᠣᠨᠳᠣᠣ ᠰᠠᠨᠠᠯ ᠲᠠᠢ ᠪᠣᠯ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ ᠲᠤ ᠲᠤᠰᠬᠠᠵᠤ ᠪᠣᠯᠤᠨ᠎ᠠ᠃  ᠬᠦᠯᠢᠶᠡᠨ ᠠᠪᠬᠤ ᠤᠲᠠᠰᠤ᠄ 0471 - 6946508  ᠠᠵᠢᠯᠯᠠᠬᠤ ᠭᠠᠵᠠᠷ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ 5 ᠳ᠋ᠤᠭᠠᠷ ᠠᠰᠠᠷ ᠤᠨ 614 ᠳ᠋ᠦ᠋ᠭᠡᠷ ᠲᠠᠰᠤᠭ  ᠳᠠᠭᠠᠯᠳᠤᠭᠤᠯᠤᠯ᠄ 2022 — 2023 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠨᠢᠭᠡᠴᠢ ᠶᠢᠨ ᠨᠡᠷᠡᠰ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  2023 ᠣᠨ ᠤ 12 ᠳ᠋ᠤᠭᠠᠷ ᠰᠠᠷ᠎ᠠ ᠶᠢᠨ 7 ᠤ ᠡᠳᠦᠷ  ᠳᠠᠭᠠᠯᠳᠤᠭᠤᠯᠤᠯ᠄  2022 — 2023 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠨᠢᠭᠡᠴᠢ ᠶᠢᠨ ᠨᠡᠷᠡᠰ  1. ᠥᠪᠥᠷ ᠮᠣᠩᠭᠤᠯ ᠤᠨ ᠮᠤᠤ ᠶᠧ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠬᠥᠬᠡᠬᠤᠲᠠ ᠶᠢᠨ ᠮᠤᠤ ᠶᠧ ᠶᠢᠨ ᠮᠣᠯ ᠬᠤᠳᠠᠯᠳᠤᠭ᠎ᠠ︶  2. ᠪᠤᠭᠤᠲᠤ ᠶᠢᠨ ᠸᠠᠨ ᠪᠥᠸᠧ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠪᠤᠭᠤᠲᠤ ᠶᠢᠨ ᠳ᠋ᠦᠩ ᠾᠧ ᠶᠢᠨ ᠡᠤ ᠶᠤᠸᠠᠢ ᠲᠠᠯᠠᠪᠠᠢ︶  3. ᠪᠤᠭᠤᠲᠤ ᠬᠤᠲᠠ ᠶᠢᠨ ᠳ᠋ᠢᠩ ᠰᠢᠨ ᠶᠤᠸᠠᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠪᠡᠭᠡᠵᠢᠩ ᠤᠨ ᠬᠤᠸᠠ ᠯᠢᠶᠠᠨ ᠪᠤᠭᠤᠲᠤ ᠶᠢᠨ ᠬᠤᠳᠠᠯᠳᠤᠭᠠᠨ ᠤ ᠲᠥᠪ︶  4. ᠵᠠᠯᠠᠨ ᠠᠶᠢᠯ ᠬᠤᠲᠠ ᠶᠢᠨ ᠮᠠᠨ ᠭᠧᠦ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ︵ᠵᠠᠯᠠᠨ ᠠᠶᠢᠯ ᠬᠤᠲᠠ ᠶᠢᠨ ᠬᠥᠭᠵᠢᠭᠰᠡᠨ ᠠᠭᠤᠳᠠᠮ ᠲᠠᠯᠠᠪᠠᠶ︶  5. ᠬᠥᠯᠥᠨ ᠪᠤᠶᠢᠷ ᠬᠤᠳᠠ ᠶᠢᠨ ᠯᠥᠩ ᠹᠧᠩ ᠰᠢᠨ ᠲᠢᠶᠠᠨ ᠳ᠋ᠢ ᠬᠤᠳᠠᠯᠳᠤᠭᠠᠨ ᠤ ᠲᠠᠯᠠᠪᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠬᠥᠯᠥᠨ ᠪᠤᠶᠢᠷ ᠤᠨ ᠯᠥᠩ ᠹᠧᠩ ᠰᠢᠨ ᠲᠢᠶᠠᠨ ᠳ᠋ᠢ ᠬᠤᠳᠠᠯᠳᠤᠭᠠᠨ ᠤ ᠲᠠᠯᠠᠪᠠᠶ︶  6. ᠬᠥᠯᠥᠨ ᠪᠤᠶᠢᠷ ᠬᠤᠳᠠ ᠶᠢᠨ ᠪᠦ᠋ ᠰᠧᠨ ᠪᠦᠷᠢᠨ ᠪᠠᠷᠠᠭᠠᠲᠤ ᠶᠡᠭᠡ ᠠᠰᠠᠷ ᠤᠨ ᠬᠢᠵᠠᠭᠠᠷᠲᠤ ᠺᠣᠮᠫᠠᠨᠢ ︵ᠬᠥᠯᠥᠨ ᠪᠤᠶᠢᠷ ᠤᠨ ᠪᠦ᠋ ᠰᠧᠨ ᠪᠦᠷᠢᠨ ᠪᠠᠷᠠᠭ᠎ᠠ︶᠃  7. ᠤᠯᠠᠭᠠᠨᠬᠤᠲᠠ ᠶᠢᠨ ᠵᠢᠤᠢ ᠷᠠᠨ ᡁᠢ ᠵᠢᠶᠠ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ︵ᠵᠢᠤᠢ ᠷᠠᠨ ᡁᠢ ᠵᠢᠶᠠ ᠤᠯᠠᠭᠠᠨᠬᠤᠲᠠ ᠶᠢᠨ ᠳᠡᠯᠭᠡᠭᠦᠷ︶  8. ᠤᠯᠠᠭᠠᠨᠬᠤᠲᠠ ᠶᠢᠨ ᠡᠸᠦ ᠶᠠ ᠬᠤᠳᠠᠯᠳᠤᠭᠠᠨ ᠤ ᠲᠥᠪ ᠤᠨ ᠬᠢᠵᠠᠭᠠᠷᠲᠤ ᠺᠣᠮᠫᠠᠨᠢ ︵ᠤᠯᠠᠭᠠᠨᠬᠤᠲᠠ ᠶᠢᠨ ᠡᠸᠦ ᠶᠠ ᠬᠤᠳᠠᠯᠳᠤᠭᠠᠨ ᠤ ᠲᠥᠪ︶  9. ᠱᠠᠩᠬᠠᠶ ᠶᠢᠨ ᠬᠤᠩ ᠰᠢᠩ ᠮᠧᠶ ᠺᠠᠶ ᠯᠦᠩ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠶᠢᠨ ᠬᠤᠪᠢᠶᠠᠷᠢ ᠺᠣᠮᠫᠠᠨᠢ ︵ᠬᠤᠩ ᠰᠢᠩ ᠮᠧᠶ ᠺᠠᠶ ᠯᠦᠩ ᠤᠯᠠᠭᠠᠨᠬᠤᠲᠠ ᠬᠤᠳᠠᠯᠳᠤᠭᠠᠨ ᠤ ᠲᠠᠯᠠᠪᠠᠶ︶  10. ᠤᠯᠠᠭᠠᠨᠬᠤᠲᠠ ᠶᠢᠨ ᠸᠠᠨ ᠳ᠋ᠠ ᠲᠠᠯᠠᠪᠠᠢ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠬᠢᠩᠭᠠᠨ ᠠᠶᠢᠮᠠᠭ ᠤᠨ ᠸᠠᠨ ᠳ᠋ᠠ ᠲᠠᠯᠠᠪᠠᠢ︶  11. ᠲᠦᠩᠯᠢᠶᠣᠤ ᠬᠤᠲᠠ ᠶᠢᠨ ᠰᠢᠨ ᠸᠧᠢ ᠯᠢ ᠮᠣᠯ ᠬᠤᠳᠠᠯᠳᠤᠭ᠎ᠠ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠲᠦᠩᠯᠢᠶᠣᠤ ᠶᠢᠨ ᠰᠢᠨ ᠸᠧᠢ ᠯᠢ ᠮᠣᠯ ᠬᠤᠳᠠᠯᠳᠤᠭ᠎ᠠ︶  12. ᠤᠯᠠᠭᠠᠨᠴᠠᠪ ᠤᠨ ᠸᠠᠨ ᠳ᠋ᠠ ᠲᠠᠯᠠᠪᠠᠢ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠤᠯᠠᠭᠠᠨᠴᠠᠪ ᠤᠨ ᠸᠠᠨ ᠳ᠋ᠠ ᠲᠠᠯᠠᠪᠠᠢ︶  13. ᠣᠷᠳᠣᠰ ᠬᠤᠲᠠ ᠶᠢᠨ ᠸᠠᠩ ᠹᠦ᠋ ᠵᠢᠩ ᠪᠦᠷᠢᠨ ᠪᠠᠷᠠᠭᠠᠲᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠣᠷᠳᠣᠰ ᠬᠤᠲᠠ ᠶᠢᠨ ᠸᠠᠩ ᠹᠦ᠋ ᠵᠢᠩ ᠪᠦᠷᠢᠨ ᠪᠠᠷᠠᠭ᠎ᠠ︶  14. ᠣᠷᠳᠣᠰ ᠬᠤᠲᠠ ᠶᠢᠨ ᠳ᠋ᠠ ᠷᠦᠨ ᠹᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ︵ᠳ᠋ᠠ ᠷᠦᠨ ᠹᠠ ᠳ᠋ᠦᠩᠱᠧᠩ ᠳᠠᠬᠢ ᠳᠡᠯᠭᠡᠭᠦᠷ︶  15. ᠣᠷᠳᠣᠰ ᠬᠤᠲᠠ ᠶᠢᠨ ᠡᠳᠦᠷ ᠪᠦᠷᠢ ᠶᠢᠨ ᠪᠦᠷᠢᠨ ᠪᠠᠷᠠᠭᠠᠲᠤ ᠶᠡᠭᠡ ᠬᠤᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠣᠷᠳᠣᠰ ᠬᠤᠲᠠ ᠶᠢᠨ ᠡᠳᠦᠷ ᠪᠦᠷᠢ ᠶᠢᠨ ᠪᠦᠷᠢᠨ ᠪᠠᠷᠠᠭᠠᠲᠤ ᠶᠡᠭᠡ ᠬᠤᠲᠠ︶  16. ᠦᠶᠤᠸᠠᠨ ᠰᠢᠶᠠᠨ ᠤ ᠮᠣᠯ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠦᠶᠤᠸᠠᠨ ᠤ ᠷᠦᠢ ᠵᠢᠩ ᠮᠣᠯ ᠬᠤᠳᠠᠯᠳᠤᠭ᠎ᠠ︶  17. ᠪᠠᠶᠠᠨᠨᠠᠭᠤᠷ ᠬᠤᠲᠠ ᠶᠢᠨ ᠸᠠᠨ ᠬᠤᠢ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠪᠠᠶᠠᠨᠨᠠᠭᠤᠷ ᠤᠨ ᠸᠧᠢ ᠳ᠋ᠦᠸᠧ ᠯᠢ ᠲᠠᠯᠠᠪᠠᠢ︶  18. ᠠᠯᠠᠱᠠ ᠠᠶᠢᠮᠠᠭ ᠤᠨ ᠲᠢᠶᠠᠨ ᠱᠧᠩ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠠᠯᠠᠱᠠ ᠶᠢᠨ ᠲᠢᠶᠠᠨ ᠱᠧᠩ ᠠᠭᠤᠳᠠᠮ ᠲᠠᠯᠠᠪᠠᠶ︶   
 
ᠢᠷᠡᠯᠲᠡ᠄ ᠭᠦᠢᠯᠭᠡᠭᠡᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号