ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/2/17
    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 2 ᠰᠠᠷ᠎ᠠ ᠶᠢᠨ 16 ᠤ ᠡᠳᠦᠷ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠬᠤᠷᠠᠯ ᠠᠴᠠ᠂ 3 ᠵᠢᠯ ᠭᠠᠷᠤᠢ ᠶᠢᠨ ᠲᠤᠷᠰᠢ᠂ ᠮᠠᠨ ᠤ ᠤᠯᠤᠰ ᠤᠨ ᠬᠢᠵᠢᠭ ᠲᠠᠢ ᠲᠡᠮᠡᠴᠡᠵᠦ ᠬᠢᠵᠢᠭ ᠢ ᠰᠡᠷᠭᠡᠶᠢᠯᠡᠭᠰᠡᠨ ᠲᠡᠦᠬᠡᠨ ᠶᠠᠪᠤᠴᠠ ᠲᠦᠢᠯ ᠤᠨ ᠶᠡᠷᠦ ᠪᠤᠰᠤ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ᠂ ᠴᠢᠩᠭ᠎ᠠ ᠬᠦᠴᠦᠲᠡᠢ ᠲᠡᠦᠬᠡ ᠶᠢᠨ ᠡᠭᠦᠷᠭᠡᠯᠡᠯ ᠪᠠ ᠬᠦᠴᠦᠷᠬᠡᠭ ᠶᠡᠭᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠡᠪᠡᠳᠴᠢᠯᠡᠭᠦᠯᠬᠦ ᠬᠦᠴᠦᠨ ᠢᠶᠠᠷ ᠨᠡᠯᠢᠶᠡᠳ ᠴᠢᠩᠭ᠎ᠠ᠂ ᠦᠭᠦᠭᠦᠯᠭᠦ ᠨᠤᠷᠮ᠎ᠠ ᠨᠡᠯᠢᠶᠡᠳ ᠥᠨᠳᠥᠷ ᠸᠢᠷᠦ᠋ᠰ ᠤᠨ ᠥᠷᠭᠡᠨ ᠢᠶᠠᠷ ᠳᠡᠯᠭᠡᠷᠡᠬᠦ ᠠᠴᠠ ᠠᠮᠵᠢᠯᠲᠠ ᠲᠠᠢ ᠵᠠᠶᠢᠯᠠᠰᠬᠢᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠢ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠡᠷᠬᠢᠮ ᠨᠠᠨᠳᠢᠨ ᠴᠠᠭ ᠮᠥᠴᠡ ᠶᠢ ᠣᠯᠭᠤᠭᠰᠠᠨ ᠪᠠᠶᠢᠨ᠎ᠠ᠃ 2022 ᠣᠨ ᠤ 11 ᠰᠠᠷ᠎ᠠ ᠠᠴᠠ ᠨᠠᠭᠠᠰᠢ᠂ ᠪᠢᠳᠡ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠶᠢᠨ ᠲᠣᠭᠤᠷᠢᠨ ᠳᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠱᠠᠲᠤ ᠬᠤᠭᠤᠴᠠᠭ᠎ᠠ ᠰᠢᠯᠵᠢᠭᠦ ᠶᠢ ᠪᠡᠶᠡᠯᠡᠭᠦᠯᠵᠦ᠂ 2 ᠳ᠋ᠦᠩᠰᠢᠭᠤᠷ ᠭᠠᠷᠤᠢ ᠬᠥᠮᠥᠨ ᠢ ᠡᠮᠨᠡᠨ ᠵᠠᠰᠠᠵᠤ᠂ 80 ᠲᠦᠮᠡ ᠰᠢᠬᠠᠮ ᠬᠦᠨᠳᠦ ᠡᠪᠡᠳᠴᠢᠲᠡᠨ ᠢ ᠪᠦᠲᠦᠮᠵᠢᠲᠡᠶ ᠠᠪᠤᠷᠠᠨ ᠵᠠᠰᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠦᠬᠦᠬᠦ ᠨᠣᠷᠮ᠎ᠠ ᠶᠢ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠯᠭᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷᠡᠬᠢ ᠬᠥᠮᠥᠨ ᠠᠮᠠ ᠣᠯᠠᠨᠲᠠᠢ ᠶᠡᠭᠡ ᠤᠯᠤᠰ ᠤᠨ ᠬᠢᠵᠢᠭ ᠶᠡᠭᠡ ᠪᠠᠷ ᠦᠷᠪᠢᠰᠦᠨ ᠳᠡᠯᠭᠡᠷᠡᠬᠦ ᠶᠢ ᠬᠤᠷᠢᠭᠯᠠᠵᠤ ᠴᠢᠳᠠᠭᠰᠠᠨ ᠭᠠᠶᠢᠬᠠᠮᠰᠢᠭ ᠢ ᠡᠭᠦᠳᠴᠡᠢ᠃ ᠨᠠᠮ ᠤᠨ ᠲᠥᠪ ᠬᠤᠷᠢᠶ᠎ᠠ ᠶᠢᠨ ᠬᠢᠵᠢᠭ ᠤᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠲᠠ᠂ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠴᠢᠬᠤᠯᠠ ᠶᠡᠭᠡ ᠲᠣᠬᠢᠷᠠᠭᠤᠯᠤᠯᠲᠠ ᠪᠣᠯ ᠪᠦᠷᠢᠮᠦᠰᠦᠨ ᠵᠥᠪ ᠶᠤᠮ᠂ ᠠᠷᠭ᠎ᠠ ᠬᠡᠮᠵᠢᠶ᠎ᠡ ᠨᠢ ᠬᠦᠴᠦᠲᠡᠢ᠂ ᠤᠯᠠᠨ ᠲᠦᠮᠡᠨ ᠳᠤ ᠮᠡᠳᠡᠷᠡᠭᠳᠡᠵᠦ᠂ ᠦᠷ᠎ᠡ ᠪᠦᠲᠦᠮᠵᠢ ᠨᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠣᠳᠣᠬᠠᠨ ᠳᠤ ᠪᠦᠭᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠲᠤᠨ ᠳᠤ ᠲᠣᠭᠲᠠᠭᠤᠨ ᠢᠶᠠᠷ ᠣᠷᠣᠪᠠ᠂ ᠭᠡᠪᠡᠴᠦ ᠪᠦᠭᠦ ᠪᠥᠮᠪᠥᠷᠴᠡᠭ ᠲᠤ ᠬᠢᠵᠢᠭ ᠮᠥᠨ ᠬᠦ ᠳᠡᠯᠭᠡᠷᠡᠵᠦ᠂ ᠸᠢᠷᠦ᠋ᠰ ᠮᠥᠨ ᠬᠦ ᠲᠠᠰᠤᠷᠠᠯᠲᠠ ᠦᠭᠡᠢ ᠣᠨᠳᠣᠣᠰᠢᠨ ᠬᠤᠪᠢᠷᠠᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ 3 ᠵᠢᠯ ᠭᠠᠷᠤᠢ ᠶᠢᠨ ᠲᠤᠷᠰᠢᠬᠢ ᠢᠯᠠᠩᠭᠤᠶ᠎ᠠ ᠣᠶᠢᠷ᠎ᠠ ᠶᠢᠨ ᠨᠢᠭᠡ ᠬᠡᠰᠡᠭ ᠬᠤᠭᠤᠴᠠᠭᠠᠨ ᠤ ᠲᠤᠷᠰᠢᠯᠭ᠎ᠠ ᠠᠷᠭ᠎ᠠ ᠬᠢᠳᠡᠯ ᠢᠶᠠᠨ ᠭᠦᠨᠵᠡᠭᠡᠢ ᠳ᠋ᠦᠩᠨᠡᠵᠦ᠂ ᠬᠠᠮᠢᠶ᠎ᠠ ᠪᠦᠬᠦᠢ ᠲᠣᠭᠲᠠᠴᠠ ᠪᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠢᠨ᠎ᠡ ᠱᠠᠲᠤ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠭᠢᠯᠪᠠᠷ ᠪᠤᠰᠤ ᠪᠠᠷ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠤᠳᠤ ᠶᠢᠨ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ ᠲᠠᠭᠢᠨ ᠠᠬᠢᠭᠤᠯᠵᠤ ᠲᠠᠭᠢᠨ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠪᠠ ᠪᠠᠶᠢᠩᠭᠤᠵᠢᠭᠤᠯᠤᠨ ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠰᠢᠰᠲ᠋ᠧᠮ ᠪᠣᠯᠣᠨ ᠮᠡᠳᠡᠭᠡ ᠵᠠᠩᠭᠢ ᠶᠢ ᠮᠡᠳᠡᠭᠦᠯᠭᠦ ᠳᠦᠷᠢᠮ ᠢ ᠪᠦᠷᠢᠨᠰᠢᠭᠦᠯᠵᠦ ᠂ ᠴᠠᠭ ᠲᠤᠬᠠᠢ ᠳᠤᠨᠢ ᠣᠨᠣᠪᠴᠢᠲᠠᠶ ᠤᠷᠢᠳᠴᠢᠯᠠᠨ ᠰᠡᠷᠡᠮᠵᠢᠯᠡᠭᠦᠯᠭᠦ ᠶᠢᠨ ᠬᠠᠮᠲᠤ ᠴᠢᠬᠤᠯᠠ ᠪᠦᠬᠦᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠸᠢᠷᠦ᠋ᠰ ᠤᠨ ᠣᠨᠳᠣᠣᠰᠢᠯ ᠪᠠ ᠸᠠᠺᠼᠢᠨ ᠤ ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠨ᠂ ᠲᠠᠷᠠᠭᠠᠴᠢ ᠶᠢᠨ ᠱᠠᠲᠤᠨ ᠤ ᠸᠠᠺᠼᠢᠨ ᠤ ᠲᠠᠷᠢᠯᠭ᠎ᠠ ᠬᠢᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠰᠤᠲᠠᠶᠢᠴᠤᠳ ᠤᠨ ᠲᠠᠷᠢᠯᠭ᠎ᠠ ᠬᠢᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠪᠠᠶᠢᠩᠭᠤᠵᠢᠭᠰᠠᠨ ᠲᠡᠰ ᠬᠤᠪᠢᠶᠠᠬᠤ ᠱᠠᠲᠤ ᠬᠤᠪᠢᠶᠠᠬᠤ ᠲᠠᠷᠬᠠᠭᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠠᠷ ᠭᠤᠣᠯ ᠴᠣᠭᠴᠠ ᠪᠤᠯᠭᠠᠬᠰᠠᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠮᠴᠢᠯᠡᠭᠡᠨ ᠤ ᠡᠳ᠋ ᠪᠣᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠨᠥᠭᠡᠴᠡᠯᠡᠬᠦ ᠳᠦᠷᠢᠮ ᠪᠣᠯᠣᠨ ᠭᠠᠷᠴᠠᠭ ᠢ ᠲᠡᠭᠦᠯᠳᠡᠷᠵᠢᠭᠦᠯᠵᠦ᠂ ᠠᠵᠢᠯᠲᠠᠨ᠂ ᠡᠳ᠋ ᠪᠣᠳᠠᠰ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠴᠢᠳᠠᠪᠤᠷᠢ᠂ ᠡᠮ ᠤᠨ ᠵᠦᠢᠯᠡᠰ᠂ ᠲᠤᠨᠤᠭ ᠲᠥᠬᠦᠭᠡᠷᠦᠮᠵᠢ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠤᠨ ᠠᠮᠢ ᠨᠠᠰᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠢᠵᠢᠭ ᠲᠠᠢ ᠲᠡᠮᠡᠴᠡᠭᠰᠡᠨ ᠴᠢᠬᠤᠯᠠ ᠦᠷ᠎ᠡ ᠪᠦᠲᠦᠭᠡᠯ ᠢ ᠬᠤᠪᠢ ᠳᠠᠭᠢᠨ ᠨᠠᠨᠳᠢᠩᠨᠠᠵᠤ᠂ ᠳᠤᠮᠳᠠᠳᠤ ᠤᠯᠤᠰ ᠤᠨ ᠬᠢᠵᠢᠭ ᠲᠠᠢ ᠲᠡᠮᠡᠴᠡᠭᠰᠡᠨ ᠥᠯᠢᠭᠡᠷ ᠢ ᠰᠠᠶᠢᠲᠤᠷ ᠶᠠᠷᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠠᠷᠰᠢ ᠰᠠᠭᠠᠳ ᠢ ᠢᠯᠡᠨ ᠳᠠᠪᠠᠵᠤ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号