133 ᠳ᠋ᠤᠭᠠᠷ ᠬᠤᠭᠤᠴᠠᠭᠠᠨ ᠤ ᠭᠤᠸᠠᠩᠵᠧᠦ ᠶᠢᠨ ᠲᠠᠸᠠᠷ ᠤᠨ ᠴᠤᠭᠯᠠᠭᠠᠨ ᠤ ᠥᠪᠥᠷ ᠮᠣᠩᠭᠤᠯ ᠤᠨ ᠠᠷᠠᠯᠵᠢᠶᠠᠨ ᠤ ᠪᠦᠯᠬᠦᠮ ᠤᠨ ᠰᠦᠯᠵᠢᠶᠡᠨ ᠤ ᠭᠠᠳᠠᠨᠠᠬᠢ ᠡᠩ ᠤᠨ ᠳᠡᠯᠭᠡᠨ ᠦᠵᠡᠭᠦᠯᠬᠦ ᠪᠠᠶᠢᠷᠢ ᠶᠢ ᠬᠤᠪᠢᠶᠠᠷᠢᠯᠠᠬᠤ ᠲᠥᠰᠦᠯ ᠢ ᠢᠯᠡ ᠪᠠᠷ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/2/17
ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠡᠯᠭᠡᠨ ᠦᠵᠡᠭᠦᠯᠬᠦ ᠳᠤ ᠣᠷᠣᠯᠴᠠᠬᠤ ᠠᠵᠤ ᠠᠬᠤᠶᠢᠯᠠᠯ ᠳᠤ᠄    133 ᠳ᠋ᠤᠭᠠᠷ ᠬᠤᠭᠤᠴᠠᠭᠠᠨ ᠤ ᠭᠤᠸᠠᠩᠵᠧᠦ ᠶᠢᠨ ᠲᠠᠸᠠᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ︽133 ᠳ᠋ᠤᠭᠠᠷ ᠬᠤᠭᠤᠴᠠᠭᠠᠨ ᠤ ᠭᠤᠸᠠᠩᠵᠧᠦ ᠶᠢᠨ ᠲᠠᠸᠠᠷ ᠤᠨ ᠴᠤᠭᠯᠠᠭᠠᠨ ᠤ ᠭᠠᠳᠠᠭᠠᠳᠤ ᠳᠤ ᠭᠠᠷᠭᠠᠬᠤ ᠲᠠᠸᠠᠷ ᠤᠨ ᠳᠡᠯᠭᠡᠨ ᠦᠵᠡᠭᠦᠯᠭᠡ ᠶᠢᠨ ᠬᠡᠰᠡᠭ ᠳᠡᠯᠭᠡᠨ ᠦᠵᠡᠭᠦᠯᠬᠦ ᠲᠣᠭᠤᠷᠢᠭ  ᠤᠨ ᠳᠡᠯᠭᠡᠨ ᠦᠵᠡᠭᠦᠯᠬᠦ ᠪᠠᠶᠢᠷᠢ ᠶᠢ ᠤᠷᠢᠳᠴᠢᠯᠠᠨ ᠲᠣᠬᠢᠷᠠᠭᠤᠯᠬᠤ ᠵᠡᠷᠭᠡ ᠶᠠᠪᠤᠳᠠᠯ ᠤᠨ ᠲᠤᠬᠠᠢ ᠮᠡᠳᠡᠭᠳᠡᠯ︾ ︵ᠬᠤᠷᠠᠯ ᠠᠵᠢᠯ ᠤᠨ ᠦᠰᠦᠭ ﹇ 2023 ﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠳᠤᠮᠳᠠᠳᠤ ᠤᠯᠤᠰ ᠤᠨ ᠭᠠᠳᠠᠭᠠᠳᠤ  ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠶᠢᠨ ᠲᠠᠸᠠᠷ ᠤᠨ ᠠᠷᠠᠯᠵᠢᠶᠠᠨ ᠤ ᠴᠤᠭᠯᠠᠭᠠᠨ ᠤ ᠡᠩ ᠤᠨ ᠳᠡᠯᠭᠡᠨ ᠦᠵᠡᠭᠦᠯᠬᠦ ᠪᠠᠶᠢᠷᠢ ᠶᠢ ᠬᠢᠨᠠᠨ ᠲᠣᠭᠲᠠᠭᠠᠬᠤ ᠪᠠᠷᠢᠮᠵᠢᠶ᠎ᠠ︾ ᠵᠢᠴᠢ ᠮᠠᠨ ᠤ ᠲᠢᠩᠬᠢᠮ ᠤᠨ ︽ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ ᠤ ᠥᠪᠥᠷ ᠮᠣᠩᠭᠤᠯ ᠤᠨ ᠠᠷᠠᠯᠵᠢᠶᠠᠨ ᠤ ᠪᠦᠯᠬᠦᠮ ᠤᠨ ᠡᠩ ᠤᠨ ᠳᠡᠯᠭᠡᠨ ᠦᠵᠡᠭᠦᠯᠬᠦ ᠪᠠᠶᠢᠷᠢ ᠶᠢ ᠬᠤᠪᠢᠶᠠᠷᠢᠯᠠᠬᠤ ᠪᠠ ᠬᠠᠮᠢᠶᠠᠷᠬᠤ ᠲᠤᠬᠠᠢ ᠲᠦᠷ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠢ ᠦᠨᠳᠦᠰᠦᠯᠡᠵᠦ ᠳᠡᠯᠭᠡᠨ ᠦᠵᠡᠭᠦᠯᠬᠦ ᠴᠠᠭ ᠤᠨ ᠠᠬᠢᠴᠠ ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ ᠮᠠᠨ ᠤ ᠪᠦᠯᠬᠦᠮ ︽ᠥᠪᠥᠷ ᠮᠣᠩᠭᠤᠯ ᠤᠨ ᠠᠷᠠᠯᠵᠢᠶᠠᠨ ᠤ ᠪᠦᠯᠬᠦᠮ ᠤᠨ 132 ᠬᠤᠭᠤᠴᠠᠭᠠᠨ ᠤ ᠭᠤᠸᠠᠩᠵᠧᠦ ᠶᠢᠨ ᠲᠠᠸᠠᠷ ᠤᠨ ᠠᠷᠠᠯᠵᠢᠶᠠᠨ ᠤ ᠴᠤᠭᠯᠠᠭᠠᠨ ᠤ ᠰᠦᠯᠵᠢᠶᠡᠨ ᠳᠡᠭᠡᠷᠡᠬᠢ ᠡᠩ ᠤᠨ ᠳᠡᠯᠭᠡᠨ ᠦᠵᠡᠭᠦᠯᠬᠦ ᠪᠠᠶᠢᠷᠢ ᠶᠢ ᠬᠤᠪᠢᠶᠠᠷᠢᠯᠠᠬᠤ ᠲᠥᠰᠦᠯ︾ ᠢ ᠲᠣᠭᠲᠠᠭᠠᠵᠤ ᠂ ᠡᠳᠦᠭᠡ ᠢᠯᠡ ᠪᠠᠷ ᠨᠡᠶᠢᠲᠡᠯᠡᠵᠦ᠂ ᠢᠯᠡ ᠪᠠᠷ ᠨᠡᠶᠢᠲᠡᠯᠡᠬᠦ ᠴᠠᠭ ᠬᠤᠭᠤᠴᠠᠭ᠎ᠠ  ᠨᠢ 2023 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ ᠡᠬᠢᠯᠡᠨ 3 ᠠᠵᠢᠯᠯᠠᠬᠤ ᠡᠳᠦᠷ ᠃   ᠬᠡᠷᠪᠡ ᠲᠤᠰ ᠲᠥᠰᠦᠯ ᠳᠤ ᠮᠠᠳᠠᠭᠲᠠᠢ ᠪᠣᠯ ᠢᠯᠡ ᠪᠠᠷ ᠨᠡᠶᠢᠲᠡᠯᠡᠬᠦ ᠬᠤᠭᠤᠴᠠᠭᠠᠨ ᠤ ᠳᠣᠲᠣᠷ᠎ᠠ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠰᠢᠭᠤᠳ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠲᠣᠳᠣᠯᠠᠭᠠᠳ ᠦᠨᠡᠨ ᠪᠣᠳᠠᠲᠠᠶ ᠪᠠᠶᠢᠪᠠᠯ ᠬᠦᠯᠢᠶᠡᠨ ᠠᠪᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠲᠤᠰᠬᠠᠭᠰᠠᠨ ᠬᠥᠮᠦᠨ ᠪᠤᠶᠤ ᠨᠢᠭᠡᠴᠢ ᠳᠤ ᠬᠠᠷᠢᠭᠤ ᠲᠤᠰᠬᠠᠨ᠎ᠠ᠃   ᠬᠦᠯᠢᠶᠡᠨ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠲᠢᠩᠬᠢᠮ ᠤᠨ ᠶᠠᠪᠤᠳᠠᠯ ᠤᠨ ᠭᠠᠳᠠᠭᠠᠳᠤ ᠠᠷᠠᠯᠵᠢᠶᠠᠨ ᠤ ᠭᠠᠵᠠᠷ         ᠬᠠᠷᠢᠯᠴᠠᠬᠤ ᠤᠲᠠᠰᠤ᠄0471-6945721   ᠳᠠᠭᠠᠯᠳᠤᠭᠤᠯᠤᠯ᠄133 ᠳ᠋ᠤᠭᠠᠷ ᠬᠤᠭᠤᠴᠠᠭᠠᠨ ᠤ ᠭᠤᠸᠠᠩᠵᠧᠦ ᠶᠢᠨ ᠲᠠᠸᠠᠷ ᠤᠨ ᠠᠷᠠᠯᠵᠢᠶᠠᠨ ᠤ ᠴᠤᠭᠯᠠᠭᠠᠨ ᠤ ᠡᠩ ᠤᠨ ᠳᠡᠯᠭᠡᠨ ᠦᠵᠡᠭᠦᠯᠬᠦ ᠪᠠᠶᠢᠷᠢ ᠶᠢᠨ ᠰᠦᠯᠵᠢᠶᠡᠨ ᠤ ᠭᠠᠳᠠᠨᠠᠬᠢ ᠳᠡᠯᠭᠡᠨ ᠦᠵᠡᠭᠦᠯᠬᠦ ᠶᠢ ᠬᠤᠪᠢᠶᠠᠷᠢᠯᠠᠬᠤ ᠬᠦᠰᠦᠨᠦᠭᠲᠦ 
 
ᠢᠷᠡᠯᠲᠡ᠄ ᠭᠠᠳᠠᠭᠠᠳᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号