ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 2023 ᠣᠨ ᠤ ᠪᠦᠬᠦ ᠣᠷᠣᠨ ᠤ ᠭᠠᠳᠠᠭᠠᠳᠤ ᠪᠡᠯᠡ ᠶᠢᠨ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/17
    ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠪᠥᠬᠦ ᠤᠯᠤᠰ ᠤᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠸᠢᠳᠢᠣ᠋ ᠬᠤᠷᠠᠯ ᠤᠲᠠᠰᠤᠨ ᠬᠤᠷᠠᠯ ᠪᠣᠯᠤᠨ ᠪᠥᠬᠦ ᠤᠯᠤᠰ ᠤᠨ ᠭᠠᠳᠠᠭᠠᠳᠤ ᠪᠠᠯᠠ ᠶᠢᠨ ᠠᠵᠢᠯ ᠵᠢᠴᠢ ᠭᠤᠤᠯᠳᠠᠯᠭ᠎ᠠ ᠲᠠᠢ ᠭᠠᠳᠠᠭᠠᠳᠤ ᠪᠠᠯᠠ ᠶᠢᠨ ᠲᠥᠷᠥᠯ ᠵᠦᠶᠯ ᠤᠨ ᠠᠵᠢᠯ ᠤᠨ ᠲᠤᠰᠬᠠᠶ ᠠᠩᠭᠢ ᠶᠢᠨ ᠸᠢᠳᠢᠣ᠋ ᠬᠤᠷᠠᠯ ᠤᠲᠠᠰᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 2023 ᠣᠨ ᠤ ᠪᠥᠬᠦ ᠣᠷᠣᠨ ᠤ ᠭᠠᠳᠠᠭᠠᠳᠤ ᠪᠠᠯᠠ ᠶᠢᠨ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2023 ᠣᠨ ᠤ ᠭᠠᠳᠠᠭᠠᠳᠤ ᠪᠠᠯᠠ ᠶᠢᠨ ᠠᠵᠢᠯ  ᠤᠨ ᠰᠢᠨ᠎ᠡ ᠪᠠᠶᠢᠳᠠᠯ ᠢ ᠵᠠᠳᠠᠯᠵᠤ᠂ ᠪᠥᠬᠦ ᠵᠢᠯ ᠤᠨ ᠭᠠᠳᠠᠭᠠᠳᠤ ᠪᠠᠯᠠ ᠶᠢ ᠠᠰᠢᠭᠯᠠᠬᠤ ᠭᠤᠤᠯᠳᠠᠯᠭ᠎ᠠ ᠲᠠᠢ ᠠᠵᠢᠯ ᠪᠣᠯᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠠᠵᠢᠯᠯᠠᠭ᠎ᠠ ᠶᠢᠨ ᠲᠣᠬᠢᠷᠠᠭᠤᠯᠤᠯᠲᠠ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠦᠸᠧ ᠵᠧᠦ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ 
‍自治区商务厅组织召开2023年全区外资工作座谈会.jpg 
    ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠳ ᠣᠳᠣᠬᠠᠨ ᠤ ᠭᠠᠳᠠᠭᠠᠳᠤ ᠪᠠᠯᠠ ᠶᠢᠨ ᠠᠵᠢᠯᠯᠠᠭᠠᠨ ᠤ ᠪᠠᠶᠢᠳᠠᠯ᠂ 2023 ᠣᠨ ᠤ ᠪᠥᠬᠦ ᠵᠢᠯ  ᠤᠨ ᠭᠤᠤᠯᠳᠠᠯᠭ᠎ᠠ ᠲᠠᠢ ᠠᠵᠢᠯ ᠤᠨ ᠠᠷᠭ᠎ᠠ ᠬᠡᠮᠵᠢᠶ᠎ᠡ᠂ ᠲᠤᠯᠭᠠᠷᠠᠵᠤ ᠪᠠᠶᠢᠭ᠎ᠠ ᠬᠦᠴᠢᠷᠳᠡᠯ ᠪᠠ ᠰᠠᠨᠠᠯ ᠰᠠᠨᠠᠭᠤᠯᠭ᠎ᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠢ᠃ ᠲᠢᠩᠬᠢᠮ ᠤᠨ ᠭᠠᠳᠠᠭᠠᠳᠤ ᠪᠠᠯᠠ ᠶᠢᠨ ᠭᠠᠵᠠᠷ 2023 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠪᠠᠯᠠ ᠶᠢ ᠠᠰᠢᠭᠯᠠᠬᠤ ᠠᠵᠢᠯ ᠤᠨ ᠲᠣᠬᠢᠷᠠᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠠᠵᠢᠯᠯᠠᠭ᠎ᠠ ᠶᠢ ᠲᠠᠨᠢᠯᠴᠠᠭᠤᠯᠪᠠ᠃   ᠭᠦᠸᠧ ᠵᠧᠦ ᠮᠢᠩ ᠨᠥᠬᠦᠷ ᠡᠯ᠎ᠡ ᠠᠶᠢᠮᠠᠭ ᠬᠤᠳᠠ ᠶᠢᠨ 2022 ᠣᠨ ᠤ ᠬᠢᠵᠢᠭ ᠤᠨ ᠪᠠᠶᠢᠳᠠᠯ ᠤᠨ ᠨᠥᠯᠥᠭᠡ  ᠶᠢ ᠢᠳᠡᠪᠬᠢᠲᠡᠢ ᠢᠯᠠᠨ ᠳᠠᠪᠠᠵᠤ᠂ ᠪᠦᠬᠦ ᠣᠷᠣᠨ ᠤ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠵᠦ ᠬᠤᠣᠰ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠦᠭᠰᠡᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠪᠠ᠃ ᠲᠡᠭᠦᠨ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠠᠳᠠᠭᠠᠳᠤ ᠪᠡᠯᠡ ᠶᠢᠨ ᠠᠵᠢᠯ ᠤᠨ ᠴᠢᠬᠤᠯᠠ ᠴᠢᠨᠠᠷ ᠲᠤᠯᠭᠠᠮ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ︾ ᠶᠢ ᠡᠨᠡ ᠵᠢᠯ ᠤᠨ ᠠᠵᠤ ᠠᠬᠤᠢ  ᠶᠢᠨ ᠠᠵᠢᠯ ᠳᠤᠮᠳᠠᠬᠢ ᠠᠯᠢᠪᠠ ᠪᠦᠬᠦᠨ ᠢ ᠳᠠᠭᠠᠭᠤᠯᠬᠤ  ᠭᠤᠣᠯᠳᠠᠯᠭ᠎ᠠ ᠲᠠᠢ ᠵᠠᠩᠭᠢᠯᠠᠭ᠎ᠠ ᠶᠢᠨ 5 ᠴᠢᠬᠤᠯᠠ ᠡᠭᠦᠷᠭᠡ  ᠶᠢᠨ ᠨᠢᠭᠡ ᠪᠣᠯᠭᠠᠵᠠᠢ᠃ ᠭᠠᠳᠠᠭᠠᠳᠤ ᠪᠡᠯᠡ ᠪᠣᠯ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠴᠢᠬᠤᠯᠠ ᠠᠴᠢᠶᠠᠯᠠᠪᠤᠷᠢ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠬᠦᠴᠦᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠴᠢᠬᠤᠯᠠ ᠲᠤᠯᠭᠠᠭᠤᠷᠢᠯᠠᠯ᠂ ᠲᠤᠮᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠬᠤᠯᠠ ᠬᠤᠯᠪᠣᠭᠠᠰᠤ ᠮᠥᠨ᠃ ᠪᠢᠳᠡ ᠦᠵᠡᠯ ᠰᠠᠨᠠᠭ᠎ᠠ᠂ ᠲᠠᠨᠢᠯᠲᠠ ᠪᠠ ᠦᠢᠯᠡ ᠠᠵᠢᠯᠯᠠᠭ᠎ᠠ  ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠭᠠᠳᠠᠭᠠᠳᠤ ᠪᠡᠯᠡ ᠶᠢᠨ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠳᠠᠬᠢ ᠥᠪᠡᠷᠮᠢᠴᠡ ᠪᠥᠭᠡᠳ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠬᠠᠷᠠᠯᠲᠠ ᠡᠭᠦᠷᠭᠡ  ᠪᠠᠨ ᠲᠣᠭᠲᠠᠭᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠭᠠᠳᠠᠭᠠᠳᠤ ᠪᠡᠯᠡ ᠶᠢ ᠶᠡᠭᠡ ᠪᠠᠷ ᠠᠳᠬᠤᠵᠤ ᠠᠰᠢᠭᠯᠠᠬᠤ ᠬᠠᠮᠲᠤᠷᠠᠯ ᠬᠦᠴᠦᠨ ᠪᠣᠢ ᠪᠣᠯᠭᠠᠨ᠎ᠠ᠃ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠨᠢ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠮᠥᠨᠬᠦ ᠬᠤᠴᠣᠷᠤᠩᠭᠤᠢ ᠪᠠᠶᠢᠷᠢ ᠳᠤ ᠣᠷᠣᠰᠢᠵᠤ᠂ ᠪᠠᠭᠲᠠᠭᠠᠮᠵᠢ ᠨᠢ ᠨᠡᠯᠢᠶᠡᠳ ᠪᠠᠭ᠎ᠠ᠂ ᠪᠦᠲᠦᠴᠡ ᠨᠢ ᠰᠢᠯᠢᠳᠡᠭ ᠪᠤᠰᠤ ᠪᠠᠶᠢᠬᠤ ᠪᠣᠳᠠᠲᠤ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠤᠭᠠᠳᠤᠶ ᠪᠠᠶᠢᠵᠤ᠂ ᠲᠡᠯᠡᠶ ᠳᠠᠭᠠᠤ ᠶᠢᠨ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠭᠰᠠᠭᠠᠷ᠃ ᠡᠯ᠎ᠡ ᠠᠶᠢᠮᠠᠭ ᠬᠤᠲᠠ ᠨᠢ ᠲᠣᠰ ᠲᠣᠰ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠳᠤᠲᠠᠭᠤᠳᠠᠯ ᠢᠶᠠᠨ ᠣᠨᠣᠪᠴᠢᠲᠠᠶ ᠡᠷᠢᠵᠦ᠂ ᠣᠨᠴᠠᠯᠢᠭ ᠢᠶᠠᠨ ᠳᠣᠪᠣᠶᠢᠯᠭᠠᠨ᠂ ᠳᠠᠪᠠᠭᠤᠯᠢᠭ ᠲᠠᠯ᠎ᠠ ᠶᠢ ᠪᠣᠶ ᠪᠣᠯᠭᠠᠵᠤ᠂ ᠲᠦᠷᠭᠡᠨ ᠬᠥᠳᠡᠯᠦᠯᠴᠡᠵᠦ ᠴᠠᠭ ᠢ ᠠᠮᠵᠢᠨ ᠲᠥᠷᠥᠯ ᠵᠦᠶᠯ  ᠢ ᠲᠡᠮᠡᠴᠡᠨ ᠣᠯᠵᠤ᠂ ᠭᠠᠳᠠᠭᠠᠳᠤ ᠪᠠᠯᠠ ᠶᠢ ᠠᠰᠢᠭᠯᠠᠬᠤ ᠠᠵᠢᠯ ᠤᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠳᠡᠭᠡᠭᠰᠢᠯᠡᠭᠦᠯᠵᠦ᠂ ︽ᠬᠠᠷᠢᠭᠤᠯᠲᠠ ᠲᠤᠰᠢᠶᠠᠬᠤ︾ ᠤᠬᠠᠮᠰᠠᠷ᠂ ︽ᠲᠠᠩᠰᠠ ᠮᠡᠳᠡᠭᠦᠯᠬᠦ︾ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠶ᠃ ᠭᠤᠷᠪᠠ ᠳᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠦᠷᠦᠯ ᠵᠦᠢᠯ ᠢ ︽ᠨᠠᠶᠢᠳᠠᠪᠤᠷᠢᠵᠢᠭᠤᠯᠵᠤ ᠳᠡᠶᠢᠯᠬᠦ᠂ ᠪᠡᠯᠡ ᠮᠥᠩᠭᠦ ᠲᠠᠢ ᠪᠣᠯᠭᠠᠬᠤ᠂ ᠪᠦᠷᠢᠳᠬᠡᠯ ᠳᠤ ᠬᠤᠷᠢᠶᠠᠩᠭᠤᠶᠢᠯᠠᠵᠤ ᠪᠣᠯᠬᠤ︾ ᠶᠢ ᠪᠠᠲᠤᠯᠠᠬᠤ ᠬᠡᠷᠡᠭᠲᠡᠢ᠃   ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠭᠠᠳᠠᠭᠠᠳᠤ ᠪᠠᠯᠠ ᠶᠢᠨ ᠰᠠᠯᠠᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠲᠢᠩᠬᠢᠮ  ᠤᠨ ᠭᠠᠳᠠᠨᠠᠬᠢ ᠪᠠᠯᠠ ᠶᠢᠨ ᠭᠠᠵᠠᠷ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠪᠠ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号