ᠮᠠᠨ ᠤ ᠣᠷᠣᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠪᠠᠷᠢᠮᠵᠢᠶᠠᠭᠤᠯᠬᠤ ᠲᠤᠷᠰᠢᠯᠲᠠ ᠶᠢ ᠤᠯᠤᠰ  ᠤᠨ ᠠᠩᠬᠠᠳᠠᠭᠴᠢ ᠪᠦᠯᠦᠭ ᠦᠶᠯᠡᠴᠢᠯᠡᠭᠡᠨ ᠤ ᠦᠶᠯᠡᠰ ᠤᠨ ᠪᠠᠷᠢᠮᠵᠢᠶᠠᠵᠢᠭᠰᠠᠨ ᠨᠡᠶᠢᠲᠡᠯᠢᠭ ᠠᠷᠭ᠎ᠠ ᠬᠢᠳᠡᠯ ᠢ ᠪᠥᠬᠦ ᠤᠯᠤᠰ ᠲᠤ ᠳᠡᠯᠭᠡᠷᠡᠭᠦᠯᠪᠡ
ᠨᠡᠶᠢᠲᠡᠯᠡᠭᠰᠡᠨ ᠴᠠᠭ᠄
2023/2/2
    ︽ᠤᠯᠤᠰ ᠤᠨ ᠪᠠᠷᠢᠮᠵᠢᠶᠠᠵᠢᠭᠰᠠᠨ ᠬᠦᠭᠵᠢᠯᠲᠡ ᠶᠢᠨ ᠬᠦᠲᠦᠯᠪᠦᠷᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠷᠢᠮᠵᠢᠶᠠᠭᠤᠯᠤᠯᠲᠠ ᠶᠢᠨ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠰᠢᠰᠲ᠋ᠧᠮ ᠢ ᠪᠠᠶᠢᠭᠤᠯᠬᠤ ᠮᠡᠷᠭᠡᠵᠢᠯ ᠤᠨ ᠲᠤᠯᠭᠠᠭᠤᠷᠢᠯᠠᠬᠤ ᠦᠶᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠬᠤᠳᠠᠯᠳᠤᠭᠠᠨ ᠤ ᠶᠠᠪᠤᠳᠠᠯ ᠤᠨ ᠭᠤᠤᠯᠳᠠᠯᠭ᠎ᠠ ᠲᠠᠢ ᠠᠵᠢᠯ  ᠤᠨ ᠡᠭᠦᠷᠭᠡ ᠲᠠᠢ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ  ᠤᠨ ᠰᠢᠰᠲ᠋ᠧᠮᠵᠢ ᠪᠠᠨ ᠲᠡᠭᠦᠯᠳᠡᠷᠵᠢᠭᠦᠯᠵᠦ᠂ ᠮᠠᠨ ᠤ ᠣᠷᠣᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠪᠠᠷᠢᠮᠵᠢᠶᠠᠵᠢᠭᠤᠯᠤᠨ ᠬᠦᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠢᠳᠡᠪᠬᠢᠲᠡᠶ ᠠᠬᠢᠴᠠ ᠲᠠᠢ ᠪᠣᠯᠪᠠ᠃ ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠮᠡᠳᠡᠭᠳᠡᠯ ᠳᠠᠷᠤᠮᠠᠯᠯᠠᠨ ᠲᠠᠷᠬᠠᠭᠠᠪᠠ᠂ ᠪᠦᠬᠦ ᠣᠯᠣᠰ ᠲᠤ ᠤᠯᠤᠰ ᠤᠨ ᠲᠠᠰ ᠤᠨ ᠦᠶᠯᠡᠴᠢᠯᠡᠭᠡᠨ ᠤ ᠦᠶᠯᠡᠰ ᠤᠨ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠢᠭ ︵ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠲᠤᠰᠬᠠᠶ ᠵᠦᠶᠯ︶ ᠤᠨ ᠲᠦᠷᠦᠭᠦᠦ ᠪᠦᠯᠦᠭ ᠤᠨ ᠲᠠᠪᠤᠨ ᠲᠠᠯ᠎ᠠ ᠶᠢᠨ 20 ᠵᠤᠷᠪᠤᠰ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠳᠡᠯᠭᠡᠷᠡᠭᠦᠯᠵᠦ᠂ ᠮᠠᠨ ᠤ ᠣᠷᠣᠨ ᠤ ᠲᠤᠷᠰᠢᠯᠲᠠ ᠶᠢᠨ ᠴᠢᠭ ᠤᠨ ᠠᠵᠤ ᠠᠬᠤᠶᠢᠯᠠᠯ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠡᠭᠦᠨ ᠳᠤ ᠵᠢᠭᠰᠠᠭᠠᠨ ᠣᠷᠣᠭᠤᠯᠪᠠ᠃ 
2.2我区商贸流通标准化试点入选国家第一批服务业标准化典型经验做法进行全国推广1.jpg 
    2021 ᠣᠨ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠶᠡᠷᠦᠩᠬᠡᠶ ᠲᠣᠪᠴᠢᠶ᠎ᠠ ᠲᠠᠢ ᠬᠠᠮᠲᠤᠷᠠᠨ ᠤᠯᠤᠰ ᠤᠨ ᠲᠠᠰ ᠤᠨ ᠦᠶᠯᠡᠴᠢᠯᠡᠭᠡᠨ ᠤ ᠦᠶᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ( ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠲᠤᠰᠬᠠᠶ ᠵᠦᠶᠯ ) ᠶᠢ ᠥᠷᠨᠢᠭᠦᠯᠪᠡ᠃ ᠮᠠᠨ ᠤ ᠣᠷᠣᠨ ᠬᠤᠯᠪᠣᠭᠳᠠᠯ ᠪᠥᠬᠦᠶ ᠵᠣᠬᠢᠶᠠᠨ ᠪᠠᠶᠢᠭᠤᠯᠤᠯᠲᠠ ᠶᠢᠨ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ 2 ᠠᠵᠤ ᠠᠬᠤᠶᠢᠯᠠᠯ ᠢ ᠤᠯᠤᠰ ᠤᠨ ᠳᠡᠰ ᠤᠨ ᠲᠤᠷᠰᠢᠯᠲᠠ ᠶᠢᠨ ᠴᠢᠭ ᠢᠶᠠᠷ ᠰᠢᠯᠭᠠᠷᠠᠭᠤᠯᠪᠠ᠃ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠷᠰᠢᠯᠲᠠ ᠶᠢᠨ ᠴᠢᠭ ᠤᠨ ᠠᠵᠤ ᠠᠬᠤᠶᠢᠯᠠᠯ ᠢ ᠣᠯᠠᠨ ᠤᠳᠠᠭ᠎ᠠ ᠵᠢᠯᠣᠭᠤᠳᠤᠨ ᠠᠬᠢᠭᠤᠯᠵᠤ ᠪᠠᠶᠢᠭᠠᠳ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠬᠢ ᠪᠠᠷᠢᠮᠵᠢᠶᠠᠵᠢᠭᠤᠯᠤᠯᠲᠠ ᠶᠢᠨ ᠰᠢᠨ᠎ᠡ ᠬᠡᠪ ᠵᠠᠭᠪᠤᠷ᠂ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠂ ᠢᠳᠡᠪᠬᠢᠲᠡᠶ ᠦᠷ᠎ᠡ ᠪᠦᠲᠦᠮᠵᠢ ᠣᠯᠵᠤ᠂ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠪᠠ᠃ 
2.2我区商贸流通标准化试点入选国家第一批服务业标准化典型经验做法进行全国推广2.jpg 
    ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠲᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ ᠤᠨ ᠬᠤᠯᠪᠣᠭᠳᠠᠯ ᠪᠦᠬᠦᠢ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠯᠠᠪᠯᠠᠯᠲᠠ ᠪᠣᠯᠭᠠᠵᠤ᠂ ᠵᠣᠬᠢᠶᠠᠨ ᠪᠠᠶᠢᠭᠤᠯᠤᠨ ᠰᠤᠷᠤᠯᠴᠠᠵᠤ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠤᠯᠠᠨ ᠵᠦᠢᠯ ᠤᠨ ᠬᠡᠯᠪᠡᠷᠢ ᠪᠠᠷ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠤᠬᠠᠭᠤᠯᠵᠤ᠂ ᠪᠠᠷᠢᠮᠵᠢᠶᠠᠵᠢᠭᠤᠯᠤᠨ ᠬᠥᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠤᠷᠰᠢᠯᠲᠠ ᠶᠢᠨ ᠴᠢᠭ ᠤᠨ ᠬᠥᠲᠥᠯᠦᠨ ᠳᠠᠭᠠᠭᠤᠯᠬᠤ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠠᠷᠠᠯᠵᠢᠶ᠎ᠠ  ᠬᠤᠳᠠᠯᠳᠤᠭᠠᠨ ᠤ ᠭᠦᠶᠯᠭᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ 
2.2我区商贸流通标准化试点入选国家第一批服务业标准化典型经验做法进行全国推广3.jpg 
    ᠲᠣᠰ ᠤᠳᠠᠭ᠎ᠠ ᠮᠠᠨ ᠤ ᠣᠷᠣᠨ ᠤ ᠨᠡᠶᠢᠲᠡᠯᠢᠭ ᠲᠤᠷᠰᠢᠯᠭ᠎ᠠ ᠶᠢᠨ ᠲᠤᠷᠰᠢᠯᠲᠠ ᠶᠢᠨ ᠴᠢᠭ ᠢᠶᠠᠷ ᠳᠡᠯᠭᠡᠷᠡᠭᠦᠯᠦᠭᠳᠡᠭᠰᠡᠨ ᠠᠵᠤ ᠠᠬᠤᠶᠢᠯᠠᠯ ᠪᠣᠯ ᠥᠪᠥᠷ ᠮᠣᠩᠭᠤᠯ ᠤᠨ ᠱᠢ ᠴᠢᠤᠸᠠᠨ ᠱᠢ ᠮᠧᠶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ᠎ᠠ᠃ ᠲᠤᠰ ᠺᠣᠮᠫᠠᠨᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ  ᠪᠠᠷᠢᠮᠵᠢᠶᠠᠲᠤ ᠰᠢᠰᠲ᠋ᠧᠮ ᠢ ᠪᠠᠶᠢᠭᠤᠯᠬᠤ ᠪᠠᠷ ᠳᠠᠮᠵᠢᠨ᠂ ᠲᠦᠭᠦᠬᠡᠶ ᠮᠠᠲ᠋ᠧᠷᠢᠶᠠᠯ᠂   ᠡᠳ᠋ᠰᠢᠭᠦᠯᠬᠦ ᠤᠷᠠᠯᠠᠯ᠂ ᠦᠢᠯᠡᠳᠪᠦᠷᠢᠯᠡᠯ ᠤᠨ ᠣᠷᠴᠢᠨ ᠲᠣᠭᠤᠷᠢᠨ᠂ ᠪᠡᠯᠡᠳᠬᠡᠮᠵᠢ ᠲᠥᠬᠦᠭᠡᠷᠦᠮᠵᠢ᠂ ᠪᠥᠭᠡᠮ ᠢᠶᠠᠷ ᠬᠤᠳᠠᠯᠳᠤᠬᠤ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠦᠵᠦᠭᠦᠷ ᠤᠨ ᠪᠣᠷᠣᠯᠠᠭᠤᠯᠭ᠎ᠠ ᠵᠡᠷᠭᠡ ᠪᠦᠬᠦ ᠬᠡᠯᠬᠢᠶᠡᠰᠦ ᠶᠢᠨ ᠲᠠᠯ᠎ᠠ ᠪᠠᠷ ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠵᠡᠢ᠃ ᠲᠤᠷᠰᠢᠯᠲᠠ ᠬᠢᠭᠰᠡᠨ ᠠᠵᠤ ᠠᠬᠤᠶᠢᠯᠠᠯ ᠤᠨ ᠴᠤᠭᠯᠠᠭᠤᠯᠤᠭᠰᠠᠨ ᠤᠯᠤᠰ ᠤᠨ ᠪᠠᠷᠢᠮᠵᠢᠶ᠎ᠠ 463 ᠵᠦᠢᠯ᠂ ᠠᠵᠢᠯ ᠲᠥᠷᠥᠯ ᠤᠨ ᠪᠠᠷᠢᠮᠵᠢᠶ᠎ᠠ 305 ᠵᠦᠢᠯ᠂ ᠣᠷᠣᠨ ᠨᠤᠲᠤᠭ ᠤᠨ ᠪᠠᠷᠢᠮᠵᠢᠶ᠎ᠠ 30 ᠵᠦᠢᠯ ᠢ ᠴᠤᠭᠯᠠᠭᠤᠯᠵᠤ᠂ ᠮᠧᠶ ᠲᠦᠩ ᠨᠡᠷᠡᠮᠵᠢᠲᠦ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠢ 56 ᠵᠦᠢᠯ ᠲᠤᠭᠲᠠᠭᠠᠵᠠᠢ᠃ ︽ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠣᠬᠢᠷᠠᠭᠤᠯᠤᠨ ᠬᠦᠷᠭᠡᠬᠦ ᠲᠥᠪ  ᠤᠨ ᠠᠵᠢᠯᠲᠠᠨ ᠤ ᠠᠵᠢᠯ ᠤᠨ ᠪᠠᠶᠢᠷᠢ ᠶᠢᠨ ᠱᠠᠭᠠᠷᠳᠠᠯᠭ᠎ᠠ︾᠂ ︽ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠵᠢᠷᠤᠮᠵᠢᠯ︾᠂ ︽ᠬᠥᠮᠥᠷᠭᠡᠯᠡᠨ ᠬᠠᠳᠠᠭᠠᠯᠠᠬᠤ ᠳᠡᠯᠭᠡᠭᠦᠷ ᠤᠨ ᠭᠡᠰᠢᠭᠦᠨ ᠤ ᠮᠡᠳᠡᠭᠡ ᠵᠠᠩᠭᠢ ᠴᠤᠭᠯᠠᠭᠤᠯᠬᠤ ᠱᠠᠭᠠᠷᠳᠠᠯᠭ᠎ᠠ︾ ᠵᠡᠷᠭᠡ 20 ᠭᠠᠷᠤᠶ ᠵᠦᠶᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢ ᠳᠤᠷᠠᠳᠪᠠ᠃ ᠤᠯᠤᠰ ᠤᠨ ᠪᠠᠷᠢᠮᠵᠢᠶ᠎ᠠ 3 ᠵᠦᠶᠯ᠂ ᠠᠵᠢᠯ ᠲᠥᠷᠥᠯ ᠤᠨ ᠪᠠᠷᠢᠮᠵᠢᠶ᠎ᠠ 2 ᠵᠦᠶᠯ᠂ ᠣᠷᠣᠨ ᠨᠤᠲᠤᠭ ᠤᠨ ᠪᠠᠷᠢᠮᠵᠢᠶ᠎ᠠ 1 ᠵᠦᠶᠯ ᠢ ᠲᠣᠭᠲᠠᠭᠠᠨ ᠵᠠᠰᠠᠪᠤᠷᠢ ᠣᠷᠣᠭᠤᠯᠬᠤ ᠳᠤ ᠣᠷᠣᠯᠴᠠᠨ᠎ᠠ᠃ ᠮᠧᠶ ᠲᠦᠩ ᠨᠢᠭᠡᠳᠦᠭᠡᠷ ᠳᠡᠰ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢᠶᠠᠷ ᠲᠥᠪ ᠪᠣᠯᠭᠠᠭᠰᠠᠨ᠂ 3 ᠬᠤᠲᠠ ᠶᠢᠨ ᠲᠤᠭᠤᠷᠢᠭ ᠤᠨ ᠬᠤᠶᠠᠳᠤᠭᠠᠷ ᠳᠡᠰ ᠤᠨ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢᠶᠠᠷ ᠲᠤᠯᠭᠠᠭᠤᠷᠢᠯᠠᠯ ᠪᠤᠯᠭᠠᠭᠰᠠᠨ᠂ ᠦᠵᠦᠭᠦᠷ ᠤᠨ ᠵᠢᠵᠢᠭᠯᠡᠨ ᠬᠤᠳᠠᠯᠳᠤᠬᠤ ᠪᠠᠷ ᠲᠤᠤᠷ ᠰᠦᠯᠵᠢᠶ᠎ᠡ ᠪᠣᠯᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠣᠳᠣ ᠦᠶ᠎ᠡ ᠶᠢᠨ ᠭᠦᠢᠯᠭᠡᠭᠡᠨ ᠤ ᠭᠤᠷᠪᠠᠳᠤᠭᠠᠷ ᠳᠡᠰ ᠤᠨ ᠵᠠᠬ᠎ᠠ ᠳᠡᠯᠭᠡᠭᠦᠷ  ᠤᠨ ᠲᠣᠣᠷ ᠰᠦᠯᠵᠢᠶᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮᠵᠢ ᠶᠢ ᠪᠠᠶᠢᠭᠤᠯᠪᠠ᠃   ᠣᠳᠣᠬᠠᠨ ᠳᠤ᠂ ᠲᠤᠷᠰᠢᠯᠲᠠ ᠶᠢᠨ ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢ ᠬᠡᠷᠡᠭᠵᠢᠭᠦᠯᠬᠦ ᠪᠠᠷ ᠳᠡᠮᠵᠢᠨ᠂ ᠵᠠᠬ᠎ᠠ ᠳᠡᠯᠭᠡᠭᠦᠷ ‍ᠦᠨ‌‍ᠲ᠋ᠣᠭᠠᠴᠢᠯᠠᠯᠲᠠ᠂ ᠪᠣᠬᠢᠷᠲᠤᠯ ᠥᠬᠡᠶ  ᠬᠠᠮᠵᠢᠯᠴᠠᠭᠰᠠᠨ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ︽ᠢᠨᠲ᠋ᠧᠷ ᠰᠦᠯᠵᠢᠶ᠎ᠡ + ᠲᠤᠬᠢᠷᠠᠭᠤᠯᠤᠨ ᠬᠦᠷᠭᠡᠬᠦ︾ ᠣᠶᠤᠨᠴᠢ ᠭᠦᠶᠯᠭᠡᠭᠡᠨ  ᠤ ᠲᠥᠷᠥᠯ ᠵᠦᠶᠯ ᠢ ᠪᠠᠶᠢᠭᠤᠯᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠵᠠᠬᠢᠶᠠᠯᠠᠭ᠎ᠠ ᠥᠭᠬᠦ᠂ ᠰᠦᠯᠵᠢᠶᠡᠨ  ᠠᠴᠠ ᠭᠠᠳᠠᠨ᠎ᠠ ᠲᠣᠬᠢᠷᠠᠭᠤᠯᠤᠨ ᠬᠦᠷᠭᠡᠬᠦ ᠶᠢ ᠪᠡᠶᠡᠯᠡᠭᠦᠯᠵᠦ᠂ ᠲᠣᠬᠢᠷᠠᠭᠤᠯᠤᠨ ᠬᠦᠷᠭᠡᠬᠦ  ᠵᠠᠮ ᠮᠦᠷ ᠢ ᠵᠦᠶ ᠵᠣᠬᠢᠰᠲᠠᠶ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠪᠡᠶᠡᠯᠡᠭᠦᠯᠵᠦ᠂ ᠭᠦᠶᠯᠭᠡᠭᠡᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠲᠡᠷᠭᠡ ᠬᠥᠰᠬᠡ ᠶᠢᠨ ᠬᠤᠭᠤᠰᠣᠨ ᠭᠦᠶᠦᠬᠦ ᠨᠣᠷᠮ᠎ᠠ ᠶᠢ ᠪᠠᠭᠤᠷᠠᠭᠤᠯᠪᠠ᠃ ᠡᠭᠦᠨ  ᠤ ᠬᠠᠮᠲᠤ᠂ ᠲᠤᠷᠰᠢᠯᠲᠠ ᠶᠢᠨ ᠴᠢᠭ ᠤᠨ ᠠᠵᠤ ᠠᠬᠤᠶᠢᠯᠠᠯ ᠪᠣᠬᠢᠷᠲᠤᠯ ᠥᠬᠡᠶ ᠬᠥᠭᠵᠢᠯᠲᠡ ᠶᠢᠨ ᠤᠶᠢᠯᠭᠠᠭᠳᠠᠬᠤᠨ  ᠢ ᠢᠳᠡᠪᠬᠢᠲᠡᠶ ᠪᠠᠷ ᠰᠠᠨᠠᠭᠠᠴᠢᠯᠠᠵᠤ᠂ ᠰᠠᠭᠤᠷᠢ ᠲᠦᠭᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠨᠡᠷᠡᠨ ᠡᠨᠧᠷᠭᠢ  ᠶᠢᠨ ᠳ᠋ᠧᠩ ᠤᠨ ᠭᠡᠷᠡᠯᠲᠦᠭᠦᠯᠭᠡ ᠶᠢᠨ ᠰᠢᠰᠲ᠋ᠧᠮ ᠢ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠰᠥᠨᠢ ᠪᠠᠷ ᠠᠷᠠᠯᠵᠢᠶᠠᠯᠠᠬᠤ ᠳᠤ ᠬᠡᠷᠡᠭᠰᠡᠬᠦ ᠶᠡᠭᠡ ᠬᠡᠮᠵᠢᠶᠡᠨ ᠤ ᠴᠠᠬᠢᠯᠭᠠᠨ ᠡᠨᠧᠷᠭᠢ ᠶᠢᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠡᠷᠭᠢᠯᠳᠦᠭᠦᠯᠦᠨ ᠬᠡᠷᠡᠭᠯᠡᠵᠦ ᠪᠣᠯᠬᠤ ᠰᠦᠯᠢᠶᠣᠣ ᠡᠷᠭᠢᠯᠲᠡ ᠶᠢᠨ ᠰᠠᠭᠰᠤ ᠶᠢ ᠬᠡᠷᠡᠭᠯᠡᠨ ᠲᠣᠬᠢᠷᠠᠭᠤᠯᠤᠨ ᠬᠦᠷᠭᠡᠬᠦ ᠨᠢ ᠨᠢᠭᠡ ᠯᠡ ᠤᠳᠠᠭ᠎ᠠ ᠶᠢᠨ ᠴᠢᠨᠠᠷᠲᠠᠶ ᠪᠠᠷᠠᠭ᠎ᠠ ᠶᠢᠨ ᠭᠦᠶᠯᠭᠡᠭᠡᠨ ᠤ ᠰᠠᠪᠠ ᠶᠢ ᠬᠡᠷᠡᠭᠯᠡᠬᠦ ᠶᠠᠪᠤᠴᠠ ᠳᠤ ᠪᠦᠷᠢᠯᠭᠡᠨ ᠰᠦᠶᠳᠬᠡᠬᠦ ᠠᠴᠠ ᠵᠠᠶᠢᠯᠠᠰᠭᠢᠵᠤ ᠴᠢᠳᠠᠵᠠᠢ᠃ ᠲᠠᠷᠢᠶᠠᠯᠠᠩ ᠤᠨ ᠪᠦᠲᠦᠭᠡᠭᠳᠡᠬᠦᠨ ᠤ ᠪᠤᠭᠤᠳᠠᠯ ᠪᠠᠭᠯᠠᠭ᠎ᠠ ᠶᠢ ᠵᠢᠷᠤᠵᠤ ᠲᠦᠯᠦᠪᠯᠡᠬᠦ ᠲᠠᠯ᠎ᠠ ᠪᠠᠷ᠂ ᠬᠡᠷᠡᠭᠯᠡᠭᠡᠨ ᠤ ᠴᠢᠨᠠᠷ ᠢ ᠰᠠᠨᠠᠭᠠᠴᠢᠯᠠᠵᠤ᠂ ᠬᠡᠳᠦ ᠪᠣᠭᠤᠳᠠᠯᠯᠠᠬᠤ ᠶᠢ ᠬᠤᠷᠢᠭᠯᠠᠵᠤ᠂ ᠪᠣᠬᠢᠷᠲᠤᠯ ᠦᠭᠡᠶ ᠬᠡᠷᠡᠭᠯᠡᠭᠡ ᠶᠢ ᠬᠦᠲᠦᠯᠦᠨ ᠵᠢᠯᠤᠭᠤᠳᠴᠤ᠂ ᠬᠡᠷᠡᠭᠯᠡᠭᠡ ᠶᠢ ᠠᠷᠪᠢᠯᠠᠬᠤ ᠦᠵᠡᠯ ᠤᠬᠠᠮᠰᠠᠷ ᠪᠠ ᠳᠠᠳᠬᠠᠯ ᠢ ᠪᠤᠢ ᠪᠤᠯᠭᠠᠨ᠎ᠠ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号