ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠳᠠᠯᠳᠤᠭᠠᠨ ᠤ ᠶᠠᠪᠤᠳᠠᠯ ᠤᠨ ᠠᠵᠢᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/2
    2 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠵᠦ᠂ 2023 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠪᠣᠯᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠢ ᠰᠣᠨᠣᠰᠤᠭᠰᠠᠨ ᠪᠥᠭᠡᠳ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠶᠠᠩ ᠶᠢᠨ ᠳᠡᠳ᠋ ᠲᠡᠷᠢᠭᠦᠯᠡᠭᠴᠢ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠬᠢᠨ ᠤ ᠵᠢᠯ ᠳᠤ ᠡᠬᠢᠯᠡᠯᠲᠡ ᠲᠠᠢ᠂ ᠡᠬᠢᠯᠡᠯᠲᠡ ᠶᠢᠨ ᠠᠯᠬᠤᠮ ᠳᠠᠭᠠᠨ ᠥᠷᠨᠢᠯᠲᠡ ᠲᠠᠢ ᠪᠠᠶᠢᠵᠤ᠂ 2023 ᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ  ᠶᠢ ᠪᠦᠬᠦ ᠬᠦᠴᠦᠨ ᠢᠶᠠᠷ ᠢᠶᠠᠨ ᠤᠷᠤᠭᠰᠢ ᠠᠬᠢᠭᠤᠯᠵᠤ᠂ ᠠᠵᠢᠯ ᠤᠨ ᠲᠦᠷᠭᠡᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ ᠭᠡᠵᠠᠢ᠃ ᠥᠨᠳᠥᠷ ᠭᠠᠷᠤᠭ᠎ᠠ ᠠᠴᠠ ᠠᠷᠭ᠎ᠠ ᠰᠦᠪᠡᠭᠴᠢᠯᠡᠵᠦ᠂ ᠥᠨᠳᠥᠷ ᠲᠦᠪᠰᠢᠨ ᠳᠤ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︔ ᠨᠢᠭᠡ ᠵᠦᠢᠯ ᠤᠨ ᠰᠢᠨ᠎ᠡ ᠰᠡᠳᠬᠢᠬᠦᠢ᠂ ᠰᠢᠨ᠎ᠡ ᠣᠶᠢᠯᠠᠭᠠᠭᠳᠠᠬᠤᠨ ᠲᠠᠢ ᠪᠠᠶᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ︔ ᠰᠦᠨ ᠱᠣᠣ ᠴᠧᠩ ᠱᠦᠵᠢ ᠶᠢᠨ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠬᠢᠨᠠᠮᠠᠭᠠᠶ ᠰᠤᠷᠤᠯᠴᠠᠵᠤ᠂ ᠦᠪᠡᠷ ᠦᠪᠡᠷ ᠤᠨ ᠠᠵᠢᠯ ᠤᠨ ᠬᠤᠪᠢᠶᠠᠷᠢᠯᠠᠯ ᠶᠣᠰᠣᠭᠠᠷ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ︔ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠳᠠᠭᠠᠭᠠᠯᠭᠠᠭᠰᠠᠨ ᠲᠠᠪᠤᠨ ᠶᠡᠭᠡ ᠡᠭᠦᠷᠭᠡ ᠶᠢ ᠦᠨᠡᠨᠬᠦ ᠪᠤᠳᠠᠳᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ︽ᠬᠠᠭᠤᠳᠠᠰᠤ ᠲᠤᠰᠢᠶᠠᠬᠤ︾ ︽ᠲᠠᠩᠰᠠ ᠲᠤᠰᠢᠶᠠᠬᠤ︾ ᠤᠬᠠᠮᠰᠠᠷ ᠢ ᠢᠯᠡᠷᠡᠭᠦᠯᠬᠦ ᠬᠡᠷᠡᠭᠲᠡᠶ᠃ 
2.2自治区副主席杨进调研商务工作.png 
    ᠶᠠᠩ ᠶᠢᠨ ᠳᠡᠳ᠋ ᠲᠡᠷᠢᠭᠦᠯᠡᠭᠴᠢ ᠱᠠᠭᠠᠷᠳᠠᠭᠰᠠᠨ ᠨᠢ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠪᠣᠯ᠂ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ᠂ ᠲᠡᠷᠡ ᠶᠤᠰᠤᠭᠠᠷ ᠨᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠶ᠃ ᠢᠯᠠᠩᠭᠤᠶ᠎ᠠ ᠬᠤᠳᠠᠯᠳᠤᠭᠠᠨ ᠤ ᠶᠠᠪᠤᠳᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠬᠦᠳᠡᠯᠦᠯᠴᠡᠵᠦ᠂ ᠠᠵᠤ ᠠᠬᠤᠶᠢᠯᠠᠯ ᠢ ᠤᠷᠤᠭᠤᠯᠤᠨ ᠠᠪᠴᠢᠷᠠᠵᠤ ᠪᠠᠯᠠ ᠣᠷᠣᠭᠤᠯᠤᠨ ᠦᠶᠯᠡᠰ ᠪᠤᠰᠬᠠᠬᠤ ᠮᠥᠷᠲᠡᠭᠡᠨ ᠪᠠᠰᠠ ᠮᠠᠨ ᠤ ᠳᠠᠪᠠᠭᠤᠯᠢᠭ ᠡᠬᠢ ᠪᠠᠶᠠᠯᠢᠭ ᠢᠶᠠᠨ ᠠᠰᠢᠭᠯᠠᠨ ᠭᠠᠳᠠᠭᠰᠢ ᠭᠠᠷᠭᠠᠵᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠬᠡᠷᠡᠭᠲᠡᠶ᠃ ᠬᠤᠶᠠᠷ ᠲᠤ᠂ ᠭᠤᠣᠯᠳᠠᠯᠭ᠎ᠠ᠂ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠦᠭᠡᠳ ᠥᠨᠳᠥᠷ ᠪᠦᠲᠦᠮᠵᠢᠲᠡᠢ ᠠᠬᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ︽ᠳᠠᠩᠰᠠ ᠲᠤᠰᠢᠶᠠᠬᠤ︾ ᠤᠬᠠᠮᠰᠠᠷ ᠢ ᠪᠤᠢ ᠪᠤᠯᠭᠠᠵᠦ᠂ ᠣᠷᠣᠨ ᠪᠦᠰᠡ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠨ᠎ᠡ  ᠶᠢ ᠡᠭᠦᠳᠬᠦ᠂ ᠲᠣᠭᠲᠠᠴᠠ ᠶᠢᠨ ᠲᠠᠯ᠎ᠠ ᠪᠠᠷ ᠰᠢᠨ᠎ᠡ  ᠶᠢ ᠡᠭᠦᠳᠬᠦ᠂ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠠᠴᠠ  ᠭᠠᠷᠳᠠᠨ᠂ ᠵᠦᠷᠢᠶᠡᠴᠢᠯᠡᠭᠰᠡᠨ᠂ ᠦᠪᠡᠷᠮᠢᠴᠡᠵᠢᠭᠰᠡᠨ ᠥᠷᠢᠰᠥᠯᠳᠦᠭᠡᠨ ᠤ ᠠᠷᠭ᠎ᠠ ᠵᠠᠮ ᠢ  ᠡᠷᠢᠯᠬᠢᠯᠡᠨ᠎ᠡ᠃ ᠭᠤᠷᠪᠠ ᠳᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ  ᠬᠦᠭᠦᠷᠭᠡᠨ‌‍ᠪᠠᠬᠢᠯᠡᠯᠲᠡ ᠪᠠᠶᠢᠭᠤᠯᠬᠤ ᠲᠤᠬᠠᠶ ᠰᠣᠳᠤᠯᠭᠠᠨ ᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠣᠯ ᠨᠠᠮ ᠤᠨ ᠲᠥᠪ ᠬᠤᠷᠢᠶ᠎ᠠ ᠠᠴᠠ ᠲᠤᠰᠢᠶᠠᠨ ᠭᠦᠢᠴᠡᠳᠭᠡᠭᠦᠯᠦᠭᠰᠡᠨ᠂ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ᠂ ᠳᠣᠲᠣᠨᠣ ᠬᠠᠯᠠᠮᠵᠢᠯᠠᠯ ᠪᠣᠯᠤᠨ᠎ᠠ᠃ ᠪᠢᠳᠠ ᠤᠯᠤᠰ ᠣᠷᠣᠨ ᠢᠶᠠᠨ ᠲᠥᠯᠥᠭᠡᠯᠡᠨ ᠤᠮᠠᠷᠠᠰᠢ ᠨᠡᠭᠡᠭᠡᠯᠳᠠ ᠬᠢᠬᠦ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠠᠭᠠᠨ ᠵᠠᠪᠠᠯ ᠬᠤᠯᠠ ᠶᠠᠪᠤᠵᠤ᠂ ᠧᠦ᠋ᠷᠣᠫᠠ ᠲᠢᠪ᠂ ᠵᠡᠭᠦᠨ ᠡᠮᠦᠨᠡᠲᠦ ᠠᠽᠢᠶ᠎ᠠ᠂ ᠳᠡᠯᠡᠬᠡᠢ ᠳ᠋ᠠᠬᠢᠨ ᠳᠤ ᠬᠠᠨᠳᠤᠬᠤ ᠬᠡᠷᠡᠭᠲᠡᠢ᠃ ᠪᠢᠳᠠ ᠵᠠᠬ᠎ᠠ ᠳᠡᠯᠭᠡᠭᠦᠷ ᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠲᠤ ᠭᠠᠷᠴᠤ᠂ ᠵᠠᠬ᠎ᠠ ᠳᠡᠯᠭᠡᠭᠦᠷ ᠢ ᠴᠢᠩᠭ᠎ᠠ ᠠᠩᠬᠠᠷᠴᠤ ᠬᠤᠳᠠᠯᠳᠤᠭᠠᠴᠢᠨ ᠤᠷᠢᠬᠤ ᠶᠢ ᠴᠢᠩᠭ᠎ᠠ ᠠᠳᠬᠤᠵᠤ᠂ ᠵᠠᠬ᠎ᠠ ᠳᠡᠯᠭᠡᠭᠦᠷ ᠢ ᠴᠢᠩᠭ᠎ᠠ ᠠᠩᠬᠠᠷᠴᠤ ᠲᠦᠷᠦᠯ ᠵᠦᠢᠯ ᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠤᠨ ᠦᠷ᠎ᠡ ᠪᠦᠲᠦᠮᠵᠢ ᠣᠯᠬᠤ ᠶᠢ ᠴᠢᠩᠭ᠎ᠠ ᠠᠩᠬᠠᠷᠬᠤ ᠬᠡᠷᠡᠭᠲᠡᠢ᠃ ᠳᠥᠷᠪᠡ ᠳᠤ᠂ ᠬᠡᠷᠡᠭᠯᠡᠭᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠤᠯᠭᠠᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠮᠲᠤᠷᠠᠨ ᠬᠥᠳᠡᠯᠦᠯᠴᠡᠬᠦ ᠪᠠᠷ ᠳᠠᠮᠵᠢᠨ᠂ ᠲᠣᠮᠣ ᠬᠡᠯᠪᠡᠷᠢ ᠶᠢᠨ ᠦᠵᠡᠰᠬᠦᠯᠡᠩ ᠤᠨ ᠴᠤᠭᠯᠠᠭᠠᠨ᠂ ᠵᠥᠪᠳᠡᠨ ᠬᠡᠯᠡᠯᠴᠡᠬᠦ ᠬᠤᠷᠠᠯ ᠳᠤ ᠲᠦᠰᠢᠭᠯᠡᠨ᠂ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠦᠢᠯᠡᠳᠭᠦᠨ ᠤ ᠭᠠᠳᠠᠭᠰᠢ ᠭᠠᠷᠬᠤ ᠶᠢ ᠲᠠᠰᠤᠷᠠᠯᠲᠠ ᠦᠭᠡᠢ ᠠᠬᠢᠭᠤᠯᠤᠨ᠎ᠠ᠃ ᠲᠠᠪᠤ ᠳᠤ᠂ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠡᠭᠦᠷᠭᠡ ᠶᠢ ᠨᠠᠷᠢᠨ ᠲᠠᠩᠰᠠᠵᠢᠭᠤᠯᠬᠤ ᠶᠢᠨ ᠬᠠᠮᠲᠤ ᠤᠯᠠᠮ ᠴᠢᠨᠠᠭᠰᠢᠳᠠ ᠰᠢᠯᠢᠳᠡᠭᠵᠢᠭᠦᠯᠵᠦ ᠨᠠᠷᠢᠯᠢᠬᠵᠢᠭᠤᠯᠬᠤ ᠬᠡᠷᠡᠭᠲᠡᠶ︔ ᠰᠦᠨ ᠱᠣᠤ ᠴᠧᠩ ᠱᠦᠵᠢ᠂ ᠸᠠᠩ ᠯᠢ ᠰᠢᠶᠠ ᠲᠡᠷᠢᠭᠦᠯᠡᠭᠴᠢ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠴᠢᠩᠭ᠎ᠠ ᠠᠵᠢᠭᠯᠠᠵᠤ᠂ ᠲᠢᠩᠬᠢᠮ ᠤᠨ ᠤᠳᠤᠷᠢᠳᠤᠯᠭ᠎ᠠ᠂ ᠭᠠᠵᠠᠷ ᠲᠠᠰᠤᠭ ᠤᠨ ᠬᠠᠷᠢᠭᠤᠴᠠᠯᠭᠠᠲᠠᠨ ᠪᠡᠶ᠎ᠡ ᠪᠠᠷ ᠢᠶᠠᠨ ᠬᠡᠪ ᠲᠦᠷᠢᠮ ᠪᠤᠯᠵᠦ᠂ ᠪᠡᠶ᠎ᠡ ᠪᠠᠷ ᠢᠶᠠᠨ ᠣᠷᠣᠯᠴᠠᠵᠤ᠂ ᠬᠦᠳᠡᠯᠦᠯᠴᠡᠵᠦ᠂ ᠲᠦᠷᠭᠡᠨ ᠬᠦᠳᠡᠯᠦᠯᠴᠡᠵᠦ᠂ ᠴᠠᠭ ᠢ ᠠᠮᠵᠢᠨ᠂ ᠴᠠᠭ ᠢ ᠰᠢᠬᠠᠵᠤ ᠂ ᠴᠠᠭ ᠢ ᠠᠮᠵᠢᠨ ᠪᠡᠭᠡᠵᠢᠩ ᠳᠤ ᠤᠷᠤᠵᠤ᠂ ᠤᠯᠤᠰ ᠪᠠ ᠬᠤᠯᠪᠣᠭᠳᠠᠯ ᠪᠦᠬᠦᠢ ᠶᠠᠮᠤᠨ ᠵᠥᠪᠯᠡᠯ ᠠᠴᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠢ᠃   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠤᠸᠠᠩ ᠫᠧᠩ᠂ ᠨᠠᠷᠢᠨ ᠪᠢᠴᠢᠭ ᠤᠨ ᠳᠣᠯᠣᠳᠤᠭᠠᠷ ᠭᠠᠵᠠᠷ ᠤᠨ ᠳᠠᠷᠤᠭ᠎ᠠ ᠭᠤᠤ ᠪᠢᠨ᠂ ᠨᠠᠷᠢᠨ ᠪᠢᠴᠢᠭ ᠤᠨ ᠳᠣᠯᠣᠳᠤᠭᠠᠷ ᠭᠠᠵᠠᠷ ᠤᠨ ᠺᠠᠳ᠋ᠷ ᠡᠦ ᠴᠢ ᠮᠢᠩ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠵᠢᠴᠢ ᠬᠠᠮᠢᠶ᠎ᠠ ᠪᠥᠬᠦᠶ ᠤᠳᠤᠷᠢᠳᠬᠤ ᠪᠠᠭ ᠤᠨ ᠪᠦᠷᠢᠯᠳᠦᠬᠦᠨ ᠨᠠᠷ ᠠᠵᠢᠯ ᠢᠶᠠᠨ ᠬᠠᠷᠢᠭᠤ ᠮᠡᠳᠡᠭᠦᠯᠵᠦ᠂ ᠬᠠᠮᠢᠶ᠎ᠠ ᠪᠥᠬᠦᠶ ᠭᠠᠵᠠᠷ  ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号