2023 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/2/21
    2023 ᠣᠨ ᠤ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ 2 ᠳ᠋ᠤᠭᠠᠷ ᠰᠠᠷ᠎ᠠ ᠶᠢᠨ 20 ᠤ ᠡᠳᠦᠷ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠲᠤᠷᠰᠢᠯᠭ᠎ᠠ ᠪᠠᠨ ᠰᠣᠯᠢᠯᠴᠠᠵᠤ 2022 ᠣᠨ ᠤ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ  ᠢᠶᠠᠨ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠨᠥᠬᠦᠷ ᠠᠵᠢᠯ ᠤᠨ ᠮᠡᠳᠡᠭᠦᠯᠦᠯᠲᠡ ᠬᠢᠵᠦ᠂ ᠬᠤᠯᠪᠣᠭᠳᠠᠯ ᠪᠦᠬᠦᠢ ᠠᠶᠢᠮᠠᠭ ᠬᠤᠳᠠ ᠶᠢᠨ ᠲᠥᠯᠥᠭᠡᠯᠡᠭᠴᠢ ᠲᠤᠷᠰᠢᠯᠭ᠎ᠠ ᠪᠠᠨ ᠰᠣᠯᠢᠯᠴᠠᠪᠠ ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠨᠢᠭᠡᠴᠡ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ᠂ ᠪᠣᠭᠤᠮᠲᠠ᠂ ᠪᠡᠯᠡ ᠣᠷᠣᠭᠤᠯᠤᠯᠲᠠ ᠶᠢ ᠠᠬᠢᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃   ᠬᠤᠷᠠᠯ ᠠᠴᠠ ᠂ ᠥᠩᠭᠡᠷᠡᠭᠰᠡᠨ ᠨᠢᠭᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠬᠤ ᠶᠤᠮ ᠃ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠪᠣᠯᠤᠨ ᠵᠢᠱᠢᠭᠰᠡᠨ ᠠᠴᠠ ᠬᠡᠲᠦᠷᠡᠭᠰᠡᠨ ᠬᠦᠴᠢᠷ ᠪᠡᠷᠬᠡᠰᠢᠶᠡᠯ ᠤᠨ ᠡᠮᠦᠨ᠎ᠡ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠡᠷᠦᠩᠬᠡᠶ ᠳᠤ ᠪᠠᠨ ᠲᠣᠭᠲᠠᠭᠤᠨ ᠪᠠᠶᠢᠬᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠂ ᠲᠣᠭᠲᠠᠭᠤᠨ ᠤ ᠳᠤᠮᠳᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠪᠡᠶᠡᠯᠡᠭᠦᠯᠵᠦ ᠂ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠣᠪᠤᠶᠢᠮ᠎ᠠ ᠠᠮᠵᠢᠯᠲᠠ ᠣᠯᠵᠠᠢ ᠂ ᠬᠡᠷᠡᠭᠯᠡᠭᠡᠨ ᠤ ᠵᠠᠬ᠎ᠠ ᠳᠡᠯᠭᠡᠭᠦᠷ ᠳᠠᠷᠤᠯᠲᠠ ᠶᠢ ᠳᠠᠭᠠᠭᠠᠨ ᠶᠢᠨ ᠠᠵᠢᠯᠯᠠᠵᠤ ᠂ ᠭᠠᠳᠠᠭᠠᠳᠤ ᠠᠷᠠᠯᠵᠢᠶᠠᠨ ᠤ ᠲᠠᠯ᠎ᠠ ᠪᠠᠷ ᠰᠢᠨ᠎ᠡ ᠥᠨᠳᠥᠷ ᠲᠦᠪᠰᠢᠨ ᠢ ᠡᠭᠦᠳᠴᠦ᠂ ᠭᠠᠳᠠᠭᠠᠳᠤ ᠪᠡᠯᠡ ᠶᠢᠨ ᠶᠡᠭᠡ ᠨᠡᠮᠡᠭᠳᠡᠯ ᠢ ᠠᠰᠢᠭᠯᠠᠨ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢ ᠰᠡᠷᠭᠦᠭᠡᠨ ᠨᠡᠮᠡᠭᠳᠡᠭᠦᠯᠵᠦ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ ᠭᠡᠵᠦ ᠦᠵᠡᠪᠡ ᠃ 
2023年全区商务工作会议在呼和浩特市召开2.jpg 
    ᠬᠤᠷᠠᠯ ᠠᠴᠠ᠂ 2023 ᠣᠨ ᠤ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠷᠢᠰ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠪᠣᠯᠣᠨ ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠨ ᠥᠭᠭᠦᠭᠰᠡᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠰᠦᠷᠯᠢᠭ ᠪᠠᠳᠠᠷᠠᠩᠭᠤᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠬᠡᠯᠬᠢᠶᠡᠨ ᠤ ᠤᠨᠢᠨ ᠳᠡᠭᠡᠷ᠎ᠡ ᠨᠢ ᠠᠷᠠᠯᠵᠢᠶ᠎ᠠ ᠤᠷᠢᠬᠤ ᠲᠠᠯ᠎ᠠ ᠪᠠᠷ ᠰᠢᠨ᠎ᠡ ᠪᠦᠲᠦᠮᠵᠢ ᠲᠠᠢ ᠪᠣᠯᠭᠠᠬᠤ ᠂ ᠬᠤᠲᠠ ᠬᠦᠳᠡᠭᠡ ᠶᠢᠨ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠂ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠳᠠᠪᠠᠯᠲᠠ ᠲᠠᠢ ᠪᠣᠯᠭᠠᠬᠤ ᠂ ᠰᠢᠯᠢᠳᠡᠭᠵᠢᠭᠦᠯᠦᠨ ᠬᠦᠴᠦᠷᠬᠡᠭᠵᠢᠭᠦᠯᠬᠦ ᠨᠡᠭᠡᠭᠡᠯᠲᠡ ᠶᠢᠨ ᠲᠠᠪᠴᠠᠩ ᠰᠢᠨ᠎ᠡ ᠳᠡᠭᠡᠭᠰᠢᠯᠡᠯᠲᠡ  ᠲᠠᠢ ᠪᠣᠯᠭᠠᠬᠤ ᠂ ᠪᠣᠭᠤᠮᠲᠠ ᠶᠢᠨ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠠᠮᠵᠢᠯᠲᠠ ᠲᠠᠢ ᠪᠣᠯᠭᠠᠬᠤ ᠂ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠬᠢᠯᠲᠠ ᠲᠠᠢ ᠪᠣᠯᠭᠠᠬᠤ ᠶᠢ ᠪᠡᠶᠡᠯᠡᠭᠦᠯᠵᠦ ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ  ᠢᠶᠠᠨ ᠥᠨᠳᠥᠷ ᠴᠢᠨᠠᠷ ᠴᠢᠨᠰᠠᠭ᠎ᠠ ᠲᠠᠢ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ᠂ 2023 ᠣᠨ ᠳᠤ ᠪᠦᠬᠦ ᠬᠦᠴᠦᠨ ᠢᠶᠠᠷ ᠢᠶᠠᠨ ᠴᠢᠷᠮᠠᠶᠢᠵᠤ ᠨᠢᠭᠡ ᠭᠤᠣᠯ ᠡᠭᠦᠷᠭᠡ ᠶᠢ ᠲᠣᠯᠣᠭᠠᠶᠢᠯᠠᠨ ᠪᠡᠶᠡᠯᠡᠭᠦᠯᠬᠦ ᠬᠡᠷᠡᠭᠲᠡᠢ᠂ ᠲᠤᠬᠠᠶᠢᠯᠠᠪᠠᠯ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠭᠤᠣᠯᠳᠠᠯᠭ᠎ᠠ ᠠᠳᠬᠤᠨ ᠠᠬᠢᠭᠤᠯᠬᠤ ᠶᠠᠪᠤᠳᠠᠯ ᠪᠣᠯᠤᠨ᠎ᠠ᠃ ᠪᠠᠰᠠ ᠵᠢᠷᠭᠤᠭᠠᠨ ᠶᠡᠭᠡ ᠲᠤᠰᠬᠠᠶ ᠠᠵᠢᠯᠯᠠᠭ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠂ ᠲᠤᠬᠠᠶᠢᠯᠠᠪᠠᠯ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠶ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ  ᠪᠣᠯᠣᠨ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ  ᠬᠡᠷᠡᠭᠵᠢᠭᠦᠯᠬᠦ ᠂ ᠨᠡᠭᠡᠭᠡᠯᠲᠡ ᠬᠢᠬᠦ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠬᠦ ᠂ ᠪᠣᠭᠤᠮᠲᠠ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠬᠦ ᠂ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠬᠦ ᠵᠡᠷᠭᠡ ᠶᠢ ᠰᠠᠶᠢᠲᠤᠷ ᠠᠳᠬᠤᠬᠤ ᠬᠡᠷᠡᠭᠲᠡᠢ ᠃ ᠡᠭᠦᠨ ᠤ ᠬᠠᠮᠲᠤ ᠪᠠᠰᠠ ᠳᠣᠤᠷᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠶ᠄ ᠨᠢᠭᠡ ᠳᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠂ ᠬᠤᠶᠠᠷ ᠲᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠴᠢᠳᠠᠪᠤᠷᠢ ᠶᠢ ᠴᠢᠩᠭᠠᠳᠬᠠᠬᠤ ᠂ ᠭᠤᠷᠪᠠ ᠳᠤ᠂ ᠠᠶᠤᠯᠭᠦᠶ ᠦᠢᠯᠡᠳᠪᠦᠷᠢᠯᠡᠯ ᠢ ᠦᠷᠭᠦᠯᠵᠢᠯᠡᠨ ᠬᠦᠴᠦᠲᠡᠢ ᠠᠳᠬᠤᠬᠤ ᠂ ᠳᠥᠷᠪᠡ ᠳᠤ᠂ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠪᠣᠯᠣᠨ ᠬᠡᠷᠡᠭᠯᠡᠯᠲᠡ ᠶᠢ ᠴᠢᠩᠭᠠᠳᠬᠠᠵᠤ᠂ ᠲᠠᠪᠤ ᠳᠤ᠂ ᠦᠨᠳᠦᠰᠦᠨ ᠱᠠᠲᠤᠨ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠂ ᠵᠢᠷᠭᠤᠭ᠎ᠠ ᠳᠤ᠂ ᠨᠢᠭᠡᠳᠦᠭᠡᠷ ᠤᠯᠠᠷᠢᠯ ᠳᠤ ᠲᠣᠭᠲᠠᠭᠤᠨ ᠪᠥᠭᠡᠳ ᠰᠠᠶᠢᠨ ᠡᠬᠢᠯᠡᠯᠲᠡ ᠶᠢ ᠬᠦᠴᠦᠯᠡᠨ ᠴᠢᠷᠮᠠᠶᠢᠨ ᠪᠣᠢ ᠪᠣᠯᠭᠠᠬᠤ ᠵᠡᠷᠭᠡ ᠪᠣᠯᠣᠨ᠎ᠠ ᠃   ᠬᠤᠷᠠᠯ  ᠤᠨ ᠶᠠᠪᠤᠴᠠ ᠳᠤ ᠪᠠᠰᠠ ᠳᠤᠭᠤᠶᠢᠯᠠᠩ ᠬᠤᠪᠢᠶᠠᠨ ᠶᠠᠷᠢᠯᠴᠠᠬᠤ ᠶᠢ ᠲᠣᠬᠢᠷᠠᠭᠤᠯᠵᠤ᠂ ᠡᠯ᠎ᠡ ᠠᠶᠢᠮᠠᠭ ᠬᠤᠲᠠ ᠠᠵᠢᠯ ᠤᠨ ᠲᠤᠷᠰᠢᠯᠭ᠎ᠠ ᠪᠠᠨ ᠲᠠᠨᠢᠯᠴᠠᠭᠤᠯᠤᠭᠰᠠᠨ ᠪᠥᠭᠡᠳ ᠲᠣᠰ ᠤᠳᠠᠭᠠᠨ ᠤ ᠬᠤᠷᠠᠯ ᠠᠴᠠ ᠲᠣᠭᠲᠠᠭᠠᠭᠰᠠᠨ 2023 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ ᠂ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠢᠲᠡᠭᠡᠯ ᠵᠣᠷᠢᠭ  ᠢᠶᠠᠨ ᠬᠥᠪᠴᠢᠯᠡᠨ ᠂ ᠲᠡᠮᠡᠴᠡᠯ ᠤᠨ ᠵᠣᠷᠢᠭ ᠢᠶᠠᠨ ᠬᠥᠭᠵᠢᠭᠡᠪᠡ᠃ ᠶᠠᠷᠢᠯᠴᠠᠭ᠎ᠠ ᠪᠠᠷ ᠳᠠᠮᠵᠢᠨ ᠬᠤᠷᠠᠯ ᠳᠤ ᠣᠷᠣᠯᠴᠠᠭᠰᠠᠳ ᠪᠦᠬᠦ ᠵᠢᠯ ᠤᠨ ᠬᠤᠳᠠᠯᠳᠤᠭᠠᠨ ᠤ ᠶᠠᠪᠤᠳᠠᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠪᠥᠭᠡᠳ ᠥᠩᠭᠡ ᠭᠡᠷᠡᠯᠲᠡᠢ ᠭᠡᠳᠡᠭ ᠢ ᠭᠦᠢᠴᠡᠳ ᠲᠠᠨᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠠᠷᠮᠠᠭᠠᠢ ᠶᠢ ᠬᠥᠭᠡᠭᠡᠴᠡᠯᠳᠦᠵᠦ᠂ ᠬᠠᠲᠠᠭᠤᠵᠢᠯᠲᠠᠢ ᠰᠢᠳᠤᠷᠭᠤ ᠠᠵᠢᠯᠯᠠᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号