ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠥᠬᠦ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠡᠷᠭᠢᠯᠡᠵᠦ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠠᠢ
ᠨᠡᠶᠢᠲᠡᠯᠡᠭᠰᠡᠨ ᠴᠠᠭ᠄
2023/2/27
    ᠮᠠᠨ ᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠶᠯᠡᠴᠢᠯᠡᠭᠡᠨ ᠤ ᠠᠷᠠᠯᠵᠢᠶ᠎ᠠ ᠶᠢᠨ ᠬᠦᠷᠢᠶᠡᠨ ᠳᠠᠬᠢ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 2 ᠳ᠋ᠤᠭᠠᠷ ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠪᠥᠬᠦ ᠣᠷᠣᠨ ᠤ ᠦᠶᠯᠡᠴᠢᠯᠡᠭᠡᠨ  ᠤ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠣᠯᠪᠠᠰᠤᠷᠠᠭᠤᠯᠤᠯ ᠡᠷᠭᠢᠯᠡᠵᠦ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠠᠵᠢᠯᠲᠠᠨ᠂ ᠦᠶᠯᠡᠴᠢᠯᠡᠭᠡᠨ ᠤ ᠠᠷᠠᠯᠵᠢᠶ᠎ᠠ ᠶᠢᠨ ᠠᠵᠤ ᠠᠬᠤᠶᠢᠯᠠᠯ ᠤᠨ ᠠᠵᠢᠯᠲᠠᠨ ᠨᠡᠶᠢᠲᠡ 100 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠦᠸᠧ ᠵᠧᠦ ᠮᠢᠩ ᠠᠩᠭᠢ ᠡᠬᠢᠯᠡᠬᠦ ᠶᠠᠷᠢᠶ᠎ᠠ ᠲᠠᠯᠪᠢᠪᠠ᠃ 
自治区商务厅举办全区服务贸易线上培训推动自治区服务贸易高质量发展.jpg 
    ᠭᠦᠸᠧ ᠵᠧᠦ ᠮᠢᠩ ᠨᠥᠬᠦᠷ 2022 ᠣᠨ ᠤ ᠪᠥᠬᠦ ᠤᠯᠤᠰ ᠵᠢᠴᠢ ᠪᠥᠬᠦ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠪᠠᠶᠢᠳᠠᠯ ᠢ ᠤᠯᠠᠮᠵᠢᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠬᠦᠷᠢᠶ᠎ᠡ ᠴᠠᠷᠠᠭ᠎ᠠ ᠶᠢᠨ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ  ᠢ ᠪᠠᠶᠢᠷᠢᠯᠠᠭᠤᠯᠬᠤ ᠶᠢᠨ ᠬᠠᠮᠲᠤ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠣᠶᠢᠷ᠎ᠠ ᠶᠢᠨ ᠵᠢᠯ ᠠᠴᠠ ᠨᠠᠭᠠᠰᠢ ᠤᠯᠤᠰ᠂ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢ ᠴᠢᠬᠤᠯᠠᠴᠢᠯᠠᠬᠤ ᠬᠡᠮᠵᠢᠶ᠎ᠡ ᠲᠠᠰᠤᠷᠠᠯᠲᠠ ᠥᠬᠡᠶ ᠭᠦᠨᠵᠡᠭᠡᠶᠢᠷᠡᠵᠦ᠂ ᠮᠠᠨ ᠤ ᠣᠷᠣᠨ  ᠤ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠢᠷᠡᠭᠡᠳᠦᠶ ᠬᠡᠭᠡᠨ ᠰᠠᠷᠠᠭᠤᠯ᠂ ᠳᠠᠯᠳᠠ ᠬᠦᠴᠦᠨ ᠯᠤᠲᠤ ᠶᠡᠭᠡ ᠪᠣᠯᠪᠠᠴᠤ ᠦᠶᠯᠡᠴᠢᠯᠡᠭᠡᠨ ᠤ ᠠᠷᠠᠯᠵᠢᠶ᠎ᠠ ᠶᠢᠨ ᠠᠵᠢᠯ ᠤᠨ ᠠᠯᠭᠠᠰᠠᠯ ᠶᠡᠭᠡ᠂ ᠮᠡᠳᠡᠯᠭᠡ ᠶᠢᠨ ᠬᠡᠪᠴᠢᠶ᠎ᠡ ᠥᠷᠭᠡᠨ ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠪᠠᠶᠢᠳᠠᠭ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ  ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠥᠬᠦᠳ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠠᠮᠢᠶ᠎ᠠ ᠪᠥᠬᠦᠶ ᠠᠵᠢᠯ ᠢ ᠪᠣᠳᠠᠲᠠᠶ ᠨᠠᠷᠢᠯᠢᠭ ᠰᠠᠶᠢᠲᠤᠷ ᠬᠢᠵᠦ᠂ ᠦᠶᠯᠡᠴᠢᠯᠡᠭᠡᠨ ᠤ ᠠᠷᠠᠯᠵᠢᠶ᠎ᠠ ᠶᠢᠨ ᠨᠠᠩ ᠲᠦᠷᠭᠡᠨ᠂ ᠨᠠᠩ ᠰᠢᠯᠢᠳᠡᠭ᠂ ᠨᠠᠩ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ᠃   ᠲᠣᠰ ᠤᠳᠠᠭᠠᠨ ᠤ ᠪᠣᠯᠪᠠᠰᠤᠷᠠᠭᠤᠯᠤᠯ ᠳᠤ ᠬᠤᠳᠠᠯᠳᠤᠭᠠᠨ ᠤ ᠶᠠᠪᠤᠳᠠᠯ ᠤᠨ ᠶᠠᠮᠤᠨ ᠤ ᠦᠶᠯᠡᠴᠢᠯᠡᠭᠡᠨ ᠤ ᠠᠷᠠᠯᠵᠢᠶ᠎ᠠ ᠶᠢᠨ ᠵᠤᠷᠭᠠᠨ ᠤ ᠭᠠᠵᠠᠷ ᠤᠨ ᠳᠠᠷᠤᠭ᠎ᠠ ᠯᠢᠦ ᠢᠤᠢ ᠯᠦᠩ᠂ ᠡᠯᠧᠺᠲᠷᠣᠨ ᠬᠤᠳᠠᠯᠳᠤᠭᠠᠨ ᠤ ᠶᠠᠪᠤᠳᠠᠯ  ᠤᠨ ᠲᠥᠪ ᠤᠨ ᠳᠡᠭᠡᠳᠦ ᠲᠠᠰ ᠤᠨ ᠲᠥᠷᠥᠯ ᠵᠦᠶᠯ ᠤᠨ ᠳᠠᠭᠠᠭᠠᠮᠠᠯ ᠱᠠᠨ ᠫᠧᠩ ᠹᠸᠢ ᠶᠢ ᠤᠷᠢᠵᠤ᠂ ᠦᠶᠯᠡᠴᠢᠯᠡᠭᠡᠨ  ᠤ ᠠᠷᠠᠯᠵᠢᠶ᠎ᠠ ᠶᠢᠨ ᠪᠠᠶᠢᠳᠠᠯ ᠬᠢᠭᠡᠳ ᠲᠥᠷᠥ ᠶᠢᠨ ᠪᠣᠳᠣᠯᠭ᠎ᠠ᠂ ᠦᠶᠯᠡᠴᠢᠯᠡᠭᠡᠨ ᠤ ᠠᠷᠠᠯᠵᠢᠶ᠎ᠠ ᠶᠢᠨ ᠪᠠᠶᠢᠩᠭᠤ ᠬᠡᠷᠡᠭᠯᠡᠭᠳᠡᠬᠦ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠤᠬᠠᠶ ᠲᠠᠶᠢᠯᠤᠮᠵᠢ ᠬᠢᠯᠭᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠶᠠᠪᠤᠳᠠᠯ ᠤᠨ ᠳᠠᠭᠠᠳᠬᠠᠯ ᠤᠨ ᠬᠠᠮᠢᠶ᠎ᠠ ᠪᠥᠬᠦᠶ ᠬᠥᠮᠦᠰ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠲᠥᠷᠥ ᠶᠢᠨ ᠪᠣᠳᠣᠯᠭ᠎ᠠ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠮᠥᠩᠭᠦᠨ ᠭᠦᠶᠯᠭᠡᠭᠡᠨ ᠤ ᠪᠠᠭᠠᠵᠢ᠂ ᠭᠠᠳᠠᠭᠠᠳᠤ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠳᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠯᠭᠡᠪᠡ᠃   ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠣᠯᠪᠠᠰᠤᠷᠠᠭᠤᠯᠤᠯ ᠳᠤ ᠣᠷᠣᠯᠴᠠᠭᠰᠠᠳ ᠦᠶᠯᠡᠴᠢᠯᠡᠭᠡᠨ  ᠤ ᠠᠷᠠᠯᠵᠢᠶ᠎ᠠ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠰᠢᠨ᠎ᠡ ᠣᠨᠴᠠᠯᠢᠭ ᠢ ᠨᠠᠩ ᠰᠠᠶᠢᠨ ᠣᠶᠢᠯᠠᠭᠠᠵᠤ᠂ ᠦᠶᠯᠡᠴᠢᠯᠡᠭᠡᠨ ᠤ ᠠᠷᠠᠯᠵᠢᠶ᠎ᠠ ᠶᠢᠨ ᠬᠦᠷᠢᠶ᠎ᠡ ᠴᠠᠷᠠᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ  ᠶᠢ ᠡᠵᠡᠮᠳᠡᠨ᠂ ᠬᠤᠶᠢᠰᠢᠳᠠ ᠶᠢᠨ ᠦᠶᠯᠡᠴᠢᠯᠡᠭᠡᠨ ᠤ ᠠᠷᠠᠯᠵᠢᠶ᠎ᠠ ᠶᠢᠨ ᠠᠵᠢᠯ ᠢ ᠥᠷᠨᠢᠭᠦᠯᠬᠦ ᠳᠤ ᠰᠢᠨ᠎ᠡ ᠪᠣᠳᠣᠯ᠂ ᠰᠢᠨ᠎ᠡ ᠰᠡᠳᠬᠢᠮᠵᠢ ᠶᠢ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠶᠯᠡᠴᠢᠯᠡᠭᠡᠨ ᠤ ᠠᠷᠠᠯᠵᠢᠶ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ ᠵᠢᠴᠢ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号