ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠭᠦᠢ ᠦᠶᠯᠡᠳᠪᠦᠷᠢᠯᠡᠯ ᠤᠨ ᠭᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/2/27
    ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠢ ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠭᠦᠢ ᠦᠶᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢᠭᠡ ᠠᠴᠠ ᠵᠦᠶᠴᠢᠯᠡᠵᠦ ᠨᠥᠭᠦᠭᠡ ᠶᠢ ᠵᠦᠶᠴᠢᠯᠡᠨ᠂ ᠲᠦᠷᠭᠡᠨ ᠴᠤᠤᠷᠢᠶᠠᠲᠤᠨ ᠳᠠᠭᠠᠵᠤ᠂  ᠪᠦᠬᠦ ᠤᠷᠤᠨ ᠳᠤ ᠬᠤᠳᠠᠯᠳᠤᠭᠠᠨ ᠤ ᠶᠠᠪᠤᠳᠠᠯ  ᠤᠨ ᠬᠦᠷᠢᠶᠡᠨ ᠤ ᠠᠶᠤᠯᠭᠦᠢ ᠦᠶᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠪᠡ᠃ 2 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠲᠤᠬᠠᠢ ᠶᠢᠨ ᠲᠠᠯᠠᠪᠠᠢ ᠳᠤ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠱᠠᠯᠠᠪᠳᠠᠭᠤᠯᠤᠨ ᠵᠢᠯᠣᠭᠤᠳᠪᠠ᠃ 
2.27自治区商务厅现场督导呼和浩特市商务领域安全生产隐患排查整治工作1.jpg 
    ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠮ ᠠᠷᠭ᠎ᠠ ᠬᠡᠮᠵᠢᠶ᠎ᠡ ᠠᠪᠴᠤ ᠠᠶᠤᠯᠭᠦᠢ ᠦᠶᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠪᠠ᠃ ᠨᠢᠭᠡ ᠳᠤ᠂ ᠬᠤᠳᠠᠯᠳᠤᠭᠠᠨ ᠤ ᠶᠠᠪᠤᠳᠠᠯ ᠤᠨ ᠠᠶᠤᠯᠭᠦᠢ ᠦᠶᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠮᠤᠭ ᠤᠨ ᠲᠡᠷᠢᠭᠦᠨ ᠳᠤ ᠪᠠᠴᠢᠮ ᠪᠠᠶᠢᠷᠢᠯᠠᠭᠤᠯᠪᠠ᠃ 2 ᠳ᠋ᠤᠭᠠᠷ ᠰᠠᠷ᠎ᠠ ᠶᠢᠨ 23 ᠤ ᠡᠳᠦᠷ ︽ᠣᠳᠣᠬᠠᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠢ ᠪᠠᠭᠤᠯᠭᠠᠵᠤ᠂ ᠪᠥᠬᠦ ᠣᠷᠣᠨ ᠤ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠤᠯᠠᠭᠠᠨ ᠱᠤᠭᠤᠮ ᠤᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠶᠡᠭᠡ ᠲᠦᠭᠰᠢᠭᠦᠷᠢ ᠶᠢ ᠪᠠᠶᠢᠴᠠᠭᠠᠬᠤ᠂ ᠶᠡᠭᠡ ᠬᠡᠮ ᠰᠣᠭᠤᠭ ᠢ ᠠᠷᠢᠯᠭᠠᠬᠤ᠂ ᠶᠡᠭᠡ ᠠᠳᠠᠯ ᠢ ᠰᠡᠷᠭᠡᠶᠢᠯᠡᠬᠦ︾ ᠠᠵᠢᠯᠯᠠᠭ᠎ᠠ ᠶᠢ ᠥᠷᠨᠢᠭᠦᠯᠵᠦ ᠂ ᠠᠶᠤᠯᠭᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠬᠤᠶᠠᠷ ᠲᠤ᠂ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ  ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ  ᠸᠢᠳᠢᠤ᠋ ᠪᠠᠷ ᠲᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠤᠨ᠎ᠠ᠃ 2 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠭᠦᠢ ᠦᠶᠯᠡᠳᠪᠦᠷᠢᠯᠡᠯ  ᠤᠨ ᠸᠢᠳᠢᠤ᠋ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮᠵᠢᠯᠠᠵᠤ᠂ ᠬᠡᠰᠡᠭ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ  ᠤᠨ ᠰᠠᠯᠠᠭ᠎ᠠ ᠮᠥᠴᠢᠷ ᠤᠨ ᠦᠷᠨᠢᠭᠦᠯᠦᠭᠰᠡᠨ ᠠᠶᠤᠯᠭᠦᠢ ᠦᠶᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠤᠳᠠᠯᠳᠤᠭᠠᠨ ᠤ ᠶᠠᠪᠤᠳᠠᠯ ᠤᠨ ᠠᠶᠤᠯᠭᠦᠢ ᠦᠶᠯᠡᠳᠪᠦᠷᠢᠯᠡᠯ ᠤᠨ ᠪᠠᠶᠢᠳᠠᠯ ᠪᠠ ᠠᠰᠠᠭᠤᠳᠠᠯ ᠳᠤ ᠵᠠᠳᠠᠯᠤᠯᠲᠠ ᠬᠢᠵᠦ᠂ ᠠᠶᠤᠯᠭᠦᠢ ᠦᠶᠯᠡᠳᠪᠦᠷᠢᠯᠡᠯ ᠤᠨ ᠠᠵᠢᠯ ᠳᠤ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ ᠬᠢᠪᠡ᠃ ᠭᠤᠷᠪᠠ  ᠳᠤ᠂ ᠠᠵᠢᠯᠯᠠᠬᠤ ᠳᠤᠭᠤᠶᠢᠯᠠᠩ ᠲᠣᠮᠢᠯᠠᠵᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠦᠷᠨᠢᠭᠦᠯᠪᠡ᠃ 2 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ  ᠤᠨ ᠲᠢᠩᠬᠢᠮ ᠨᠢ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ᠂ ᠬᠥᠬᠡᠬᠤᠲᠠ ᠶᠢᠨ ᠵᠠᠰᠠᠭ  ᠤᠨ ᠣᠷᠳᠣᠨ ᠵᠢᠴᠢ ᠠᠮᠤᠷ ᠲᠦᠪᠰᠢᠨ ᠤ ᠲᠤᠰᠬᠠᠶ ᠮᠡᠷᠭᠡᠵᠢᠯᠲᠡᠨ ᠲᠠᠢ ᠬᠠᠮᠲᠤᠷᠠᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠬᠥᠬᠡᠬᠤᠲᠠ ᠶᠢᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠱᠤ᠋ ᠬᠦᠶ ᠵᠡᠭᠡᠯᠢ ᠶᠢᠨ ᠲᠣᠰᠣ ᠨᠡᠮᠡᠬᠦ ᠥᠷᠲᠡᠭᠡ᠂ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠠᠭᠤᠳᠠᠮ ᠲᠠᠯᠠᠪᠠᠶ᠂ ᠵᠧ ᠵᠢᠶᠠ ᠳ᠋ᠦ᠋ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠲᠠᠯᠠᠪᠤᠷ  ᠲᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠦᠨ᠂ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠎ᠠ᠃ 
自治区商务厅现场督导呼和浩特市商务领域安全生产隐患排查整治工作2.jpg 
  
自治区商务厅现场督导呼和浩特市商务领域安全生产隐患排查整治工作3.jpg 
    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ  ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠶᠯᠡᠳᠪᠦᠷᠢᠯᠡᠯ ᠤᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ ᠠᠵᠢᠯᠲᠠᠨ ᠤ ᠬᠦᠴᠦᠨ ᠢᠶᠠᠨ ᠲᠥᠪᠯᠡᠷᠡᠭᠦᠯᠦᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠨ᠎ᠠ ︔ ᠦᠷᠭᠦᠯᠵᠢᠯᠡᠨ ᠠᠵᠢᠯᠯᠠᠬᠤ ᠳᠤᠭᠤᠶᠢᠯᠠᠩ ᠲᠣᠮᠢᠯᠠᠵᠤ ᠲᠤᠬᠠᠶ ᠶᠢᠨ ᠭᠠᠵᠠᠷ ᠲᠤᠨᠢ ᠠᠶᠢᠮᠠᠭ ᠬᠤᠲᠠ  ᠶᠢᠨ ᠬᠤᠳᠠᠯᠳᠤᠭᠠᠨ ᠤ ᠶᠠᠪᠤᠳᠠᠯ ᠤᠨ ᠠᠮᠤᠷ ᠲᠦᠪᠰᠢᠨ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠤᠨ᠎ᠠ︔ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠬᠢᠴᠠ  ᠶᠢᠨ ᠪᠠᠶᠢᠳᠠᠯ ᠢ ᠴᠠᠭ ᠲᠤᠬᠠᠶ ᠳᠤᠨᠢ ᠲᠣᠬᠢᠷᠠᠭᠤᠯᠬᠤ ᠶᠢᠨ ᠬᠠᠮᠲᠤ ᠳᠡᠭᠡᠭᠰᠢ ᠮᠡᠳᠡᠭᠦᠯᠵᠦ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ  ᠶᠢ ᠦᠨᠡᠨᠬᠦ ᠪᠠᠲᠤᠯᠠᠨ᠎ᠠ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号