ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠠᠷᠠᠳ ᠤᠨ ᠳᠡᠭᠡᠳᠦ ᠰᠢᠭᠦᠭᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ | ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ | ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠂ | ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠭᠰᠡᠨ ᠪᠥᠭᠡᠳ ᠴᠢᠬᠤᠯᠠ | ᠱᠠᠭᠠᠷᠳᠠᠯᠭ᠎ᠠ ᠳᠤᠷᠠᠳᠴᠠᠢ᠃ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ ᠤᠨ | ᠤᠳᠤᠷᠢᠳᠤᠯᠭ᠎ᠠ ᠶᠢᠨ ᠬᠠᠮᠤᠭ ᠤᠨ ᠳᠡᠭᠡᠳᠦ ᠵᠠᠷᠴᠢᠮ ᠮᠥᠨ᠃ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠯ | ᠪᠦᠷᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠳᠤ ᠪᠢᠴᠢᠭ ᠤᠨ ᠭᠡᠯᠪᠡᠷᠢ ᠪᠠᠷ ᠨᠢᠭᠡ ᠤᠳᠠᠭ᠎ᠠ | ᠲᠤᠰᠢᠶᠠᠯ ᠤᠨ ᠮᠡᠳᠡᠭᠦᠯᠦᠯᠲᠡ ᠬᠢᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠭᠰᠠᠨ᠂ ︽ᠳᠥᠷᠪᠡᠨ ᠢᠲᠡᠭᠡᠯ | ︾ ᠢᠶᠠᠨ ᠪᠠᠲᠤᠳᠬᠠᠭᠰᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠭᠰᠡᠨ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠲᠤᠬᠠᠶᠢᠯᠠᠭᠰᠠᠨ ᠠᠵᠢᠯ ᠢᠶᠠᠨ | ᠠᠬᠢᠭᠤᠯᠤᠭᠰᠠᠨ᠂ ᠠᠷᠢᠭᠤᠨ ᠴᠢᠬᠡᠴᠢ ᠥᠪᠡᠷ ᠢ ᠪᠠᠨ ᠱᠠᠭᠠᠷᠳᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠬᠦ ᠪᠣᠯ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ | ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ | ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠦᠨᠳᠦᠰᠦᠨ ᠰᠢᠯᠲᠠᠭᠠᠨ ᠨᠢ | ᠳᠠᠷᠤᠢ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ | ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠭᠰᠠᠨ ᠳᠤ ᠣᠷᠣᠰᠢᠨ᠎ᠠ᠃ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠪᠦᠭᠦ ᠨᠠᠮ ᠤᠨ ᠬᠦᠰᠡᠯ ᠵᠣᠷᠢᠭ ᠢᠶᠠᠨ ᠨᠢᠭᠡᠳᠬᠡᠬᠦ᠂ ᠦᠢᠯᠡ | ᠠᠵᠢᠯᠯᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ ᠦᠨᠡᠨ ᠬᠦ ᠪᠠᠲᠤᠯᠠᠵᠤ᠂ ᠰᠠᠶᠢᠨ ᠰᠠᠶᠢᠬᠠᠨ | ᠡᠭᠢᠯᠡᠯᠲᠡ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ | |