ᠭᠤᠷᠪᠠᠳᠤᠭᠠᠷ ᠪᠦᠯᠦᠭ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ︾ ᠳᠤ ᠲᠠᠨᠢᠯᠴᠠᠭᠤᠯᠬᠤ ᠪᠠᠷ ᠪᠠᠶᠢᠭ᠎ᠠ ᠨᠡᠷᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠡᠶᠢᠳᠡᠯᠡᠯ
ᠨᠡᠶᠢᠲᠡᠯᠡᠭᠰᠡᠨ ᠴᠠᠭ᠄
2023/6/19
  ᠮᠠᠨ ᠤ ᠣᠷᠣᠨ ᠤ ᠬᠠᠭᠤᠴᠢᠨ ᠨᠠᠷᠠᠲᠤ ᠠᠵᠤ ᠠᠬᠤᠶᠢᠯᠠᠯ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ︽ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭᠲᠦ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾᠂ ︽ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ᠠᠯᠪᠠᠨ ᠲᠢᠩᠬᠢᠮ ︵ᠬᠡᠷ︶ ᠤᠨ ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭᠲᠦ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠠ ︽2023 ᠣᠨ ᠤ ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭᠲᠦ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠲᠠᠢ ᠬᠠᠮᠲᠤᠷᠠᠨ ᠭᠤᠷᠪᠠᠳᠤᠭᠠᠷ ᠪᠦᠯᠦᠭ ︽ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭᠲᠦ︾ ᠶᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠠᠵᠢᠯ ᠢ ᠥᠷᠨᠢᠭᠦᠯᠪᠡ᠃ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ᠂ ᠲᠤᠰᠬᠠᠶ ᠮᠡᠷᠭᠡᠵᠢᠯᠲᠡᠨ ᠰᠢᠯᠢᠵᠦ ᠰᠤᠩᠭᠤᠨ ᠲᠠᠨᠢᠯᠴᠠᠭᠤᠯᠬᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠬᠦ ᠵᠡᠷᠭᠡ ᠠᠯᠬᠤᠮ ᠳᠠᠷᠠᠭ᠎ᠠ ᠪᠠᠷ ᠳᠡᠮᠵᠢᠨ᠂ ᠡᠳᠦᠭᠡ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠲᠠᠨᠢᠯᠴᠠᠭᠤᠯᠬᠤ ᠨᠡᠷᠡᠰ ᠢ ᠵᠠᠷᠯᠠᠨ ᠨᠡᠶᠢᠲᠡᠯᠡᠬᠦ ᠪᠠᠷ ᠪᠠᠶᠢᠨ᠎ᠠ᠃  ᠵᠠᠷᠯᠠᠨ ᠨᠡᠶᠢᠲᠡᠯᠡᠬᠦ ᠬᠤᠭᠤᠴᠠᠭ᠎ᠠ 6 ᠳ᠋ᠤᠭᠠᠷ ᠰᠠᠷ᠎ᠠ ᠶᠢᠨ 19 ᠤ ᠡᠳᠦᠷ ᠠᠴᠠ 7 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠣᠯ᠂ ᠢᠯᠡ ᠨᠡᠶᠢᠲᠡᠯᠡᠭᠰᠡᠨ ᠬᠤᠭᠤᠴᠠᠭᠠᠨ ᠳᠤ ᠡᠵᠡᠮᠰᠢᠭᠰᠡᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠲᠠᠮᠠᠭ᠎ᠠ ᠪᠠᠨ ᠳᠠᠷᠤᠵᠤ᠂ ᠬᠤᠪᠢ ᠬᠥᠮᠦᠨ ᠭᠠᠷ ᠤᠨ ᠦᠰᠦᠭ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠬᠡᠯᠪᠡᠷᠢ ᠪᠠᠨ ᠳᠠᠭᠠᠯᠳᠤᠭᠤᠯᠤᠨ᠎ᠠ᠃  ᠬᠠᠷᠢᠯᠴᠠᠬᠤ ᠬᠡᠯᠪᠡᠷᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ  ᠤᠲᠠᠰᠤ᠄ 0471 - 6946508᠂ 0471 - 6945209  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ ᠠᠰᠠᠷ ᠤᠨ 614 ᠳ᠋ᠤᠭᠠᠷ ᠥᠷᠥᠭᠡ    ᠳᠠᠭᠠᠯᠳᠤᠭᠤᠯᠤᠯ᠄ ᠭᠤᠷᠪᠠᠳᠤᠭᠠᠷ ᠪᠦᠯᠦᠭ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ︾ ᠶᠢᠨ ᠪᠠᠲᠤᠯᠠᠨ ᠲᠠᠨᠢᠯᠴᠠᠭᠤᠯᠬᠤ ᠨᠡᠷᠡᠰ ︵ᠨᠡᠷᠡᠰ ᠨᠢ ᠡᠮᠦᠨ᠎ᠡ ᠬᠤᠶᠢᠨᠠᠬᠢ ᠶᠢ ᠢᠯᠭᠠᠬᠤ ᠦᠭᠡᠶ︶2023ᠣᠨ ᠤ 6 ᠳ᠋ᠤᠭᠠᠷ ᠰᠠᠷ᠎ᠠ ᠶᠢᠨ19 ᠤ ᠡᠳᠦᠷ    ᠭᠤᠷᠪᠠᠳᠤᠭᠠᠷ ᠪᠦᠯᠦᠭ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ︾ ᠶᠢᠨ ᠪᠠᠲᠤᠯᠠᠨ ᠲᠠᠨᠢᠯᠴᠠᠭᠤᠯᠬᠤ ᠨᠡᠷᠡᠰ︵ᠨᠡᠷᠡᠰ ᠨᠢ ᠡᠮᠦᠨ᠎ᠡ ᠬᠤᠶᠢᠨᠠᠬᠢ ᠢᠯᠭᠠᠭ᠎ᠠ ᠦᠭᠡᠶ︶
1.png
2.png
3.png
 
 
ᠢᠷᠡᠯᠲᠡ᠄ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号