ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠲᠠ ᠶᠢᠨ ᠬᠤᠶᠠᠳᠤᠭᠠᠷ ᠪᠦᠯᠦᠭ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/7/17
  ︽ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠶ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 12 ᠰᠠᠯᠠᠭ᠎ᠠ ᠮᠥᠴᠢᠷ ᠤᠨ ᠰᠠᠨᠠᠯ︾ ︵ᠬᠤᠳᠠᠯᠳᠤᠭ᠎ᠠ ᠭᠦᠢᠯᠭᠡᠭᠡᠨ ᠵᠠᠬᠢᠳᠠᠯ ﹇2021﹈ 176 ᠳ᠋ᠤᠭᠠᠷ ᠲᠣᠭᠠᠲᠤ︶ ᠢ ᠦᠨᠳᠦᠰᠦᠯᠡᠪᠡᠯ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ ᠭᠦᠢᠯᠭᠡᠭᠡᠨ ᠥᠰᠥᠭ ﹇2022﹈ 194 ᠳ᠋ᠤᠭᠡᠷ ᠲᠣᠭᠠᠲᠤ︶ ᠪᠠ ︽2023 ᠣᠨ ᠤ ᠬᠤᠲᠠ ᠶᠢᠨ ᠨᠢᠭᠡ ᠮᠦᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠶᠠᠪᠠᠭᠠᠨ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ ᠭᠦᠢᠯᠭᠡᠭᠡᠨ ᠥᠰᠥᠭ ︹2023︺ 253 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠳᠤᠭᠠᠷ ᠪᠦᠯᠦᠭ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠭᠠᠵᠠᠷ ᠣᠷᠣᠨ ᠢ 3 ᠪᠣᠯᠭᠠᠬᠤ ᠪᠠᠷ ᠲᠣᠭᠲᠠᠭᠠᠪᠠ᠃ ᠡᠳᠦᠭᠡ ᠨᠡᠷᠡᠰ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ᠄ 2023 ᠣᠨ ᠤ 7 ᠳ᠋ᠤᠭᠠᠷ ᠰᠠᠷ᠎ᠠ ᠶᠢᠨ 17 ᠤ ᠡᠳᠦᠷ ᠠᠴᠠ 7 ᠳ᠋ᠤᠭᠠᠷ ᠰᠠᠷ᠎ᠠ ᠶᠢᠨ 23 ᠤ ᠡᠳᠦᠷ᠂ ᠨᠡᠶᠢᠲᠡ 7 ᠡᠳᠦᠷ᠃  ᠢᠯᠡ ᠨᠡᠶᠢᠲᠡᠯᠡᠬᠦ ᠬᠤᠭᠤᠴᠠᠭᠠᠨ ᠳᠤ ᠠᠯᠢᠪᠠ ᠨᠢᠭᠡᠴᠢ ᠪᠠ ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠣᠯ ᠰᠤᠷᠪᠤᠯᠵᠢᠯᠠᠯ᠂ ᠳ᠋ᠢᠶᠠᠩᠬᠤᠸᠠ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠵᠤ    ᠪᠣᠯᠤᠨ᠎ᠠ᠃ ᠪᠠᠶᠢᠳᠠᠯ ᠪᠣᠯᠤᠨ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠵᠦ᠂ ᠪᠤᠰᠤᠳᠴᠢ ᠪᠦᠭᠡᠳ ᠲᠥᠪ ᠭᠤᠣᠯᠴᠢ ᠪᠠᠶᠢᠬᠤ ᠬᠡᠷᠡᠭᠲᠡᠢ᠃ ᠬᠢᠨᠠᠨ ᠬᠠᠷᠭᠤᠭᠤᠯᠬᠤ ᠳᠤ ᠲᠥᠬᠦᠮ ᠪᠠᠶᠢᠯᠭᠠᠵᠤ᠂ ᠬᠥᠮᠦᠨ ᠤ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠪᠠᠨ ᠬᠠᠩᠭᠠᠬᠤ ᠶᠢ ᠰᠠᠨᠠᠭᠠᠴᠢᠯᠠᠬᠤ ᠶᠢᠨ ᠲᠥᠯᠥᠭᠡ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠨ᠎ᠡ᠃  ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ︔  ᠬᠠᠷᠢᠯᠴᠠᠬᠤ ᠤᠲᠠᠰᠤ᠄ 0471—6946508 0471—6945209  ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠲᠠ ᠶᠢᠨ ᠬᠤᠶᠠᠳᠤᠭᠠᠷ ᠪᠦᠯᠦᠭ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠨᠡᠷᠡᠰ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  2023 ᠣᠨ ᠤ 7 ᠳ᠋ᠤᠭᠠᠷ ᠰᠠᠷ᠎ᠠ ᠶᠢᠨ 17 ᠤ ᠡᠳᠦᠷ  ᠳᠠᠭᠠᠯᠳᠤᠭᠤᠯᠤᠯ  ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠶᠠᠳᠤᠭᠠᠷ ᠪᠦᠯᠦᠭ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠨᠡᠷᠡᠰ  1. ᠬᠥᠯᠥᠨ ᠪᠤᠶᠢᠷ ᠬᠤᠲᠠ  2. ᠤᠯᠠᠭᠠᠨᠴᠠᠪ ᠬᠤᠲᠠ  3. ᠲᠦᠩᠯᠢᠶᠣᠤ ᠬᠤᠲᠠ 
 
ᠢᠷᠡᠯᠲᠡ᠄ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号